ᠮᠠᠨ ᠤ ᠬᠤᠲᠠ ᠺᠧ ᠳ᠋ᠡ ᠰᠢᠶᠦ᠋ᠨ ᠹᠧᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/4/29
ᠪᠤᠤ ᠭᠠᠩ  ᠾᠧ ᠬᠠᠢ ᠳ᠋ᠦᠩ  ᠦ᠋ ᠰᠢᠶᠣᠣ ᠷᠦ  ᠫᠠᠨ ᠴᠢᠩ ᠬᠤᠸᠠ ᠣᠷᠣᠯᠴᠠᠵᠠᠢ       ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 28  ᠤ ᠡᠳᠦᠷ᠂ ᠮᠠᠨ ᠤ ᠬᠤᠳᠠ ᠺᠧ ᠳ᠋ᠠ ᠰᠢᠶᠦ᠋ᠨ ᠹᠧᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠺᠧ ᠳ᠋ᠡ ᠰᠢᠶᠦ᠋ᠨ ᠹᠧᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠦ᠋ ᠰᠢᠶᠣᠣ ᠷᠦ᠂ ᠳᠡᠳ᠋ ᠶᠡᠷᠦᠩᠬᠡᠢ ᠵᠠᠬᠢᠷᠤᠭᠴᠢ᠂ AI ᠢᠨᠵᠧᠨᠧᠷᠢᠩ ᠤᠨ ᠬᠦᠷᠢᠶᠡᠯᠡᠩ ᠤᠨ ᠳᠠᠷᠤᠭ᠎ᠠ ᠫᠠᠨ ᠴᠢᠩ ᠬᠤᠸᠠ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃       ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠲᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠵᠠᠷᠴᠢᠮ ᠢ ᠪᠠᠷᠢᠮᠲᠠᠯᠠᠵᠤ᠂ ᠲᠣᠰ ᠲᠣᠰ ᠤᠨ ᠳᠠᠪᠠᠭᠤᠯᠢᠭ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠬᠠᠮᠲᠤᠷᠠᠨ ᠥᠷᠨᠢᠭᠦᠯᠵᠦ᠂ ᠦᠷ᠎ᠡ ᠪᠦᠲᠦᠭᠡᠯ ᠢ ᠤᠯᠠᠷᠢᠭᠤᠯᠬᠤ᠂ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ᠂ ᠠᠵᠤ ᠦᠢᠯᠡᠰ ᠲᠤ  ᠬᠦᠴᠦᠨ ᠴᠢᠳᠠᠯ ᠣᠯᠭᠤᠬᠤ ᠶᠢ ᠭᠦᠨᠵᠡᠭᠡᠢ ᠲᠦᠯᠬᠢᠨ ᠠᠬᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠣᠯᠠᠨ ᠨᠡᠶᠢᠲᠡ ᠶᠢᠨ ᠦᠢᠯᠡᠴᠢᠯᠡᠭᠡ᠂ ᠬᠤᠲᠠ ᠶᠢᠨ ᠵᠠᠰᠠᠯᠲᠠ ᠵᠡᠷᠭᠡ ᠬᠦᠷᠢᠶᠡᠨ ᠳᠠᠬᠢ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠲᠣᠭᠠᠴᠢᠯᠠᠭᠰᠠᠨ ᠠᠵᠤ ᠠᠬᠤᠢ ᠬᠢᠭᠡᠳ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠢ ᠪᠥᠬᠦ ᠬᠦᠴᠦᠨ ᠢᠶᠠᠷ ᠢᠶᠠᠨ ᠪᠣᠶᠢᠵᠢᠭᠤᠯᠤᠨ᠎ᠠ᠃       ᠬᠡᠯᠡᠯᠴᠡᠭᠡᠷ ᠲᠣᠭᠲᠠᠬᠤ ᠠᠴᠠ ᠡᠮᠦᠨ᠎ᠡ᠂ ᠬᠤᠶᠠᠷ ᠲᠠᠯ᠎ᠠ ᠪᠠᠷ ᠢᠶᠠᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠪᠣᠳᠣᠯᠭ᠎ᠠ ᠶᠢᠨ ᠬᠦᠴᠦᠨ ᠪᠤᠳᠤᠬᠤ ᠠᠷᠭ᠎ᠠ᠂ ᠲᠣᠭᠠᠴᠢᠯᠠᠭᠰᠠᠨ ᠬᠦᠴᠦᠨ ᠴᠢᠳᠠᠯ ᠣᠯᠭᠤᠬᠤ ᠵᠡᠷᠭᠡ ᠬᠦᠷᠢᠶ᠎ᠡ ᠶᠢᠨ ᠲᠣᠭᠤᠷᠢᠨ ᠳᠤ᠂ ᠬᠥᠬᠡᠬᠤᠲᠠ ᠶᠢᠨ ᠣᠶᠤᠨᠲᠤ ᠬᠤᠳᠠ᠂ ᠣᠶᠤᠨᠲᠤ ᠰᠤᠷᠭᠠᠨ ᠬᠥᠮᠦᠵᠢᠯ᠂ ᠣᠶᠤᠨᠲᠤ ᠵᠠᠰᠠᠭ ᠤᠨ ᠶᠠᠪᠤᠳᠠᠯ᠂ ᠣᠶᠤᠨᠲᠤ ᠬᠠᠤᠯᠢ ᠴᠠᠭᠠᠵᠠ᠂ ᠣᠶᠤᠨᠲᠤ ᠡᠮᠴᠢᠯᠡᠭᠡ ᠵᠡᠷᠭᠡ ᠠᠵᠢᠯ ᠲᠦᠷᠦᠯ ᠤᠨ ᠬᠡᠷᠡᠭᠯᠡᠭᠡᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠬᠦᠴᠦᠨ ᠢᠶᠠᠨ ᠬᠠᠮᠲᠤᠳᠬᠠᠨ  ᠤᠷᠤᠨ ᠤ ᠲᠦᠪ ᠬᠤᠲᠠ ᠶᠢᠨ ᠲᠣᠭᠠᠴᠢᠯᠠᠭᠰᠠᠨ ᠠᠵᠤ ᠠᠬᠤᠢ ᠪᠣᠯᠣᠨ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃       ᠬᠤᠲᠠ ᠶᠢᠨ ᠤᠳᠤᠷᠢᠳᠤᠯᠭ᠎ᠠ ᠯᠢᠦ ᠵᠢᠢ ᠶᠢᠩ᠂ ᠵᠦ ᠵᠢᠶᠠᠨ ᠭᠦᠸᠧ᠂ ᠺᠧ ᠳ᠋ᠡ ᠰᠢᠶᠦ᠋ᠨ ᠹᠧᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠲᠣᠮᠣ ᠣᠷᠣᠨ ᠤ ᠶᠡᠷᠦᠩᠬᠡᠢ ᠳᠠᠭᠠᠭᠠᠮᠠᠯ ᠯᠢᠦ ᠫᠢᠩ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ