ᠾᠧ ᠬᠠᠢ ᠳ᠋ᠦᠩ ᠰᠦᠵᠧᠦ ᠬᠤᠲᠠ ᠳᠤ ᠬᠦᠷᠴᠦ ᠺᠠᠢ ᠪᠥᠸᠧ ᠢ ᠺᠦᠩ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ︵ᠰᠦᠵᠧᠦ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/4/29
      ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠨᠠᠷ ᠰᠦᠵᠧᠦ ᠬᠤᠲᠠ ᠳᠤ ᠬᠦᠷᠴᠦ ᠺᠠᠢ ᠪᠥᠸᠧ ᠢ ᠺᠦᠩ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ︵ᠰᠦᠵᠧᠦ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠨ᠂ ᠦᠢᠯᠡᠳᠬᠦᠨ ᠤ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠺᠠᠢ ᠪᠥᠸᠧ ᠶᠢᠨ ᠢ ᠺᠦᠩ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ︵ᠰᠦᠵᠧᠦ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠭᠦᠢᠴᠡᠳᠬᠡᠬᠦ ᠳᠡᠳ᠋ ᠶᠡᠷᠦᠩᠬᠡᠢ ᠵᠠᠬᠢᠷᠤᠭᠴᠢ ᠫᠠᠨ ᠭᠦᠸᠧ ᠫᠢᠩ ᠲᠠᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠢ ᠶᠠᠷᠢᠯᠴᠠᠵᠤ ᠰᠣᠯᠢᠯᠴᠠᠪᠠ᠃       ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠬᠡᠯᠡᠬᠦ ᠳᠡᠭᠡᠨ᠂ ᠺᠠᠢ ᠪᠥᠸᠧ ᠢ ᠺᠦᠩ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ︵ᠰᠦᠵᠧᠦ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠰᠢᠨ᠎ᠡ ᠡᠨᠧᠷᠭᠢ ᠶᠢᠨ ᠬᠤᠳᠠᠯᠳᠤᠭᠠᠨ ᠤ ᠬᠡᠷᠡᠭᠯᠡᠭᠡᠨ ᠤ ᠮᠠᠰᠢᠨ ᠲᠡᠷᠭᠡ ᠶᠢᠨ ᠬᠥᠳᠡᠯᠭᠡᠭᠦᠷ ᠰᠢᠰᠲ᠋ᠧᠮ ᠤᠨ ᠳᠡᠭᠡᠳᠦ ᠲᠠᠰ ᠤᠨ ᠦᠢᠯᠡᠳᠬᠦᠨ ᠵᠢᠴᠢ ᠰᠢᠢᠳᠪᠦᠷᠢᠯᠡᠬᠦ ᠶᠡᠷᠦᠩᠬᠡᠢ ᠲᠥᠰᠥᠯ ᠢ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠮᠥᠨ᠂ ᠬᠥᠬᠡᠬᠤᠲᠠ ᠲᠠᠢ ᠮᠠᠰᠢ ᠣᠯᠠᠨ ᠬᠠᠮᠲᠤᠷᠠᠯᠴᠠᠭᠠᠨ ᠤ ᠲᠠᠭᠠᠷᠠᠯᠴᠠᠬᠤ ᠴᠡᠭ ᠲᠠᠢ᠃ ᠠᠵᠤ ᠠᠬᠤᠶᠢᠯᠠᠯ ᠤᠨ ᠮᠡᠷᠭᠡᠵᠢᠯ᠂ ᠨᠠᠷᠠᠲᠤ ᠲᠡᠮᠳᠡᠭ᠂ ᠬᠥᠷᠥᠩᠭᠡ ᠵᠡᠷᠭᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠥᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠨ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠭᠡᠵᠡᠢ᠃       ᠫᠠᠨ ᠭᠦᠸᠧ ᠫᠢᠩ ᠾᠧ ᠬᠠᠢ ᠳ᠋ᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠡᠵᠡᠩᠨᠡᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠬᠥᠭᠵᠢᠯᠲᠡ ᠶᠢᠨ ᠬᠠᠨᠳᠤᠰᠢ ᠡᠷᠴᠢᠮᠲᠡᠢ᠂ ᠪᠡᠯᠡ ᠣᠷᠣᠭᠤᠯᠤᠯᠲᠠ ᠶᠢᠨ ᠢᠷᠡᠭᠡᠳᠦᠢ ᠰᠠᠷᠠᠭᠤᠯ ᠠᠭᠤᠳᠠᠮ᠂ ᠺᠣᠮᠫᠠᠨᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃       ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠠᠯ᠎ᠠ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ