ᠾᠧ ᠬᠠᠢ ᠳ᠋ᠦᠩ ᠶᠠᠨᠴᠧᠩ ᠬᠤᠲᠠ ᠳᠤ ᠬᠦᠷᠴᠦ ᠢ ᠵᠢᠶᠠ ᠲᠦᠩ ᠳ᠋ᠢᠶᠠᠨ ᡂᠢ ᠶᠢᠨ ᠬᠢᠵᠠᠭᠠᠷᠲᠤ ᠺᠣᠮᠫᠠᠨᠢ ᠶᠢᠨ ᠵᠢᠶᠠᠨ ᠬᠤ᠋ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/4/29
       ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠨᠠᠷ ᠶᠠᠨᠴᠧᠩ ᠬᠤᠲᠠ ᠳᠤ ᠬᠦᠷᠴᠦ ᠢ ᠵᠢᠶᠠ ᠲᠦᠩ ᠳ᠋ᠢᠶᠠᠨ ᡂᠢ ᠶᠢᠨ ᠬᠢᠵᠠᠭᠠᠷᠲᠤ ᠺᠣᠮᠫᠠᠨᠢ ᠶᠢᠨ ᠵᠢᠶᠠᠨ ᠬᠤ᠋ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠢᠨᠵᠢᠯᠡᠨ ᠪᠠᠶᠢᠴᠠᠭᠠᠪᠠ᠃       ᠣᠶᠢᠯᠠᠭᠠᠭᠰᠠᠨ ᠢᠶᠠᠷ᠂ ᠠᠨᠾᠦ᠋ᠢ ᠮᠤᠵᠢ ᠶᠢᠨ ᠢ ᠵᠢᠶᠠ ᠲᠦᠩ ᠳ᠋ᠢᠶᠠᠨ ᡂᠢ ᠶᠢᠨ ᠬᠢᠵᠠᠭᠠᠷᠲᠤ ᠺᠣᠮᠫᠠᠨᠢ ᠪᠣᠯ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠮᠥᠨ᠂ ᠲᠤᠰᠬᠠᠶᠢᠯᠠᠨ ᠬᠥᠳᠡᠯᠭᠡᠭᠴᠢ ᠬᠦᠴᠦᠨ ᠤ ᠯᠢᠲ᠋ᠢ ᠳ᠋ᠢᠶᠠᠨ ᡂᠢ ᠶᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠠᠵᠢᠯ ᠢ ᠡᠷᠭᠢᠯᠡᠵᠦ᠂ ᠲᠤᠬᠠᠶᠢᠯᠠᠭᠰᠠᠨ ᠠᠵᠢᠯ ᠨᠢ ᠡᠨᠧᠷᠭᠢ ᠬᠠᠳᠠᠭᠠᠯᠠᠬᠤ᠂ ᠢᠨᠵᠧᠨᠧᠷᠢᠩ ᠤᠨ ᠮᠠᠰᠢᠨ ᠮᠧᠬᠠᠨᠢᠭ᠂ ᠰᠢᠨ᠎ᠡ ᠡᠨᠧᠷᠭᠢ ᠶᠢᠨ ᠣᠩᠭᠤᠴᠠ ᠰᠠᠯ ᠵᠡᠷᠭᠡ ᠬᠦᠷᠢᠶ᠎ᠡ ᠶᠢ ᠬᠠᠮᠤᠷᠴᠤ᠂ ᠤᠯᠤᠰ ᠤᠨ ᠳᠣᠲᠣᠭᠠᠳᠤ ᠳᠤ ᠨᠢᠭᠡᠨᠲᠡ ᠰᠢᠤᠸᠠᠨᠴᠧᠩ᠂ ᠵᠢᠩ ᠰᠢᠶᠠᠨ᠂ ᠦ᠋ ᠬᠤ᠋᠂ ᠵᠢᠶᠠᠨ ᠬᠤ᠋ ᠵᠡᠷᠭᠡ 4 ᠲᠣᠮᠣ ᠹᠣᠰᠹᠣᠷ ᠬᠦᠴᠢᠯ ᠤᠨ ᠲᠡᠮᠦᠷ ᠯᠢᠲ᠋ᠢ ᠳ᠋ᠢᠶᠠᠨ ᡂᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃       ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠾᠧ ᠬᠠᠢ ᠳ᠋ᠦᠩ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠳ᠋ᠢᠶᠠᠨ ᡂᠢ ᠶᠢᠨ ᠡᠨᠧᠷᠭᠢ ᠶᠢᠨ ᠨᠢᠭᠲᠠᠴᠠ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠢ ᠵᠢᠶᠠ ᠲᠦᠩ ᠳ᠋ᠢᠶᠠᠨ ᡂᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠵᠧᠦ ᠳ᠋ᠧ ᠴᠢᠩ ᠲᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠬᠥᠬᠡᠬᠤᠲᠠ ᠶᠢᠨ ᠳᠠᠪᠠᠭᠤᠯᠢᠭ ᠣᠷᠣᠨ ᠪᠠᠶᠢᠷᠢ ᠶᠢᠨ ᠨᠥᠬᠦᠴᠡᠯ᠂ ᠪᠠᠲᠤ ᠪᠠᠬᠢ ᠠᠵᠤ ᠦᠢᠯᠡᠰ ᠤᠨ ᠰᠠᠭᠤᠷᠢ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠲᠠᠨᠢᠯᠴᠠᠭᠤᠯᠵᠠᠢ᠃ ᠲᠡᠷᠡ ᠠᠵᠤ ᠠᠬᠤᠶᠢᠯᠠᠯ ᠤᠨ ᠬᠥᠬᠡᠬᠤᠲᠠ ᠳᠤ ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠤᠷᠢᠵᠠᠢ᠃ ᠡᠭᠦᠨ ᠤ ᠬᠠᠮᠲᠤ᠂ ᠲᠡᠷᠡ ᠮᠠᠨ ᠤ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠵᠦ᠂ ᠬᠤᠳᠠᠯᠳᠤᠭᠠᠴᠢᠨ ᠢ ᠣᠨᠣᠪᠴᠢᠲᠠᠢ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠠᠬᠢᠭᠤᠯᠵᠤ᠂ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠ ᠶᠢᠨ ᠥᠷᠢᠰᠦᠯᠳᠦᠬᠦ ᠬᠦᠴᠦᠨ ᠪᠠ ᠲᠠᠲᠠᠬᠤ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠠᠬᠢᠪᠠ᠃       ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠠᠯ᠎ᠠ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ