ᠬᠥᠬᠡᠬᠤᠲᠠ ᠵᠠᠰᠠᠭ ᠠᠯᠪᠠᠨ ᠥᠰᠥᠭ ﹇2024﹈ 14 ᠳ᠋ᠦ᠋ᠭᠡᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠲᠥᠰᠥᠯ︾ | ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ | ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠳ᠋ᠤᠭᠠᠷ ᠰᠠᠷ᠎ᠠ ᠶᠢᠨ 26 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠥᠬᠡᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠲᠥᠰᠥᠯ | | | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ︾ ︵ᠬᠥᠭᠵᠢᠭᠦᠯᠦᠯᠲᠡ ᠥᠭᠡᠷᠡᠴᠢᠯᠡᠯᠲᠡ ᠠᠵᠤ ᠠᠬᠤᠢ ᠠᠷᠠᠯᠵᠢᠶ᠎ᠠ ﹇2022﹈ 78 ᠳ᠋ᠤᠭᠠᠷ ᠲᠣᠭᠠᠲᠤ︶᠂ ︽ᠣᠲᠣ ᠦᠶ᠎ᠡ ᠶᠢᠨ | ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠠᠶᠢᠷᠢᠰᠢᠭᠤᠯᠤᠨ ᠪᠦᠲᠦᠭᠡᠨ ᠪᠠᠶᠢᠭᠤᠯᠬᠤ ᠲᠤᠬᠠᠢ ᠮᠡᠳᠡᠭᠳᠡᠯ︾ ᠤᠨ ᠵᠣᠷᠢᠭ | ᠰᠠᠨᠠᠭ᠎ᠠ ᠶᠢ ᠭᠦᠢᠴᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠮᠠᠨ ᠤ ᠬᠤᠲᠠ ᠶᠢᠨ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠭᠦᠢᠯᠭᠡᠭᠡᠨ ᠤ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ | ︵ᠨᠢᠭᠡ︶ ᠪᠦᠲᠦᠭᠡᠨ ᠪᠠᠶᠢᠭᠤᠯᠬᠤ ᠶᠡᠷᠦᠩᠬᠡᠢ ᠬᠠᠷᠠᠯᠲᠠ | 2035 ᠣᠨ ᠪᠣᠯᠬᠤ ᠳᠤ᠂ ᠣᠳᠣ ᠦᠶ᠎ᠡ ᠶᠢᠨ ᠭᠦᠢᠯᠭᠡᠭᠡ ᠪᠣᠯᠣᠨ ᠭᠤᠣᠯᠳᠠᠯᠭ᠎ᠠ ᠲᠠᠢ ᠠᠵᠤ ᠦᠢᠯᠡᠰ ᠪᠦᠬᠦ ᠲᠠᠯ᠎ᠠ ᠪᠠᠷ ᠠᠭᠤᠰᠤᠯᠴᠠᠨ᠂ ᠬᠠᠷᠢᠯᠴᠠᠨ | ᠠᠬᠢᠭᠤᠯᠵᠤ᠂ ᠪᠥᠬᠦ ᠣᠷᠣᠨ ᠤ ᠡᠬᠢ ᠪᠠᠶᠠᠯᠢᠭ ᠤᠨ ᠬᠦᠴᠦᠨ ᠵᠦᠢᠯ ᠤᠨ ᠭᠦᠢᠯᠭᠡᠭᠡᠨ ᠤ ᠳᠤᠮᠳᠠ ᠮᠠᠨ ᠤ ᠬᠤᠲᠠ ᠶᠢᠨ ᠭᠤᠣᠯ ᠬᠦᠢᠰᠦ ᠶᠢᠨ ᠴᠢᠳᠠᠮᠵᠢ ᠨᠠᠩ | ᠲᠣᠪᠣᠶᠢᠮ᠎ᠠ ᠪᠣᠯᠵᠤ᠂ ᠵᠡᠭᠦᠨ ᠪᠠᠷᠠᠭᠤᠨ ᠢ ᠬᠤᠯᠪᠣᠭᠰᠠᠨ᠂ ᠡᠮᠦᠨ᠎ᠡ ᠤᠮᠠᠷ᠎ᠠ ᠶᠢ ᠨᠡᠪᠲᠡᠷᠡᠭᠦᠯᠦᠭᠰᠡᠨ᠂ ᠪᠥᠬᠦ ᠤᠯᠤᠰ ᠢ ᠨᠥᠯᠥᠭᠡᠯᠡᠭᠰᠡᠨ ᠴᠢᠬᠤᠯᠠ ᠭᠦᠢᠯᠭᠡᠭᠡᠨ ᠤ | ᠲᠤᠯᠭᠠᠭᠤᠷᠢᠯᠠᠬᠤ ᠬᠤᠲᠠ ᠪᠣᠯᠭᠠᠨ ᠪᠦᠲᠦᠭᠡᠨ ᠪᠠᠶᠢᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠭᠦᠢᠯᠭᠡᠭᠡ᠂ ᠪᠥᠬᠦ ᠬᠦᠴᠦᠨ ᠵᠦᠢᠯ ᠤᠨ ᠭᠦᠢᠯᠭᠡᠭᠡ᠂ | ᠪᠥᠬᠦ ᠶᠠᠪᠤᠴᠠ ᠶᠢᠨ ᠭᠦᠢᠯᠭᠡᠭᠡ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠭᠦᠢᠯᠭᠡᠭᠡ᠂ ᠪᠥᠬᠦ ᠲᠠᠯ᠎ᠠ ᠶᠢᠨ ᠨᠡᠭᠡᠭᠡᠯᠲᠡ ᠲᠠᠢ ᠭᠦᠢᠯᠭᠡᠭᠡ ᠶᠢᠨ | ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠦᠷᠢᠯᠳᠦᠭᠦᠯᠦᠨ᠎ᠡ᠃ | ︵ᠬᠤᠶᠠᠷ︶ ᠪᠦᠲᠦᠭᠡᠨ ᠪᠠᠶᠢᠭᠤᠯᠬᠤ ᠱᠠᠲᠤ ᠦᠶ᠎ᠡ ᠶᠢᠨ ᠴᠢᠨᠠᠷᠲᠠᠢ ᠬᠠᠷᠠᠯᠲᠠ | 2025 ᠣᠨ ᠪᠣᠯᠬᠤ ᠳᠤ᠂ ᠪᠦᠬᠦ ᠬᠤᠲᠠ ᠶᠢᠨ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠠᠩᠬ᠎ᠠ ᠠᠯᠬᠤᠮ ᠪᠠᠶᠢᠭᠤᠯᠤᠭᠳᠠᠵᠤ᠂ ᠲᠠᠸᠠᠷ ᠪᠣᠯᠣᠨ | ᠡᠯᠧᠮᠧᠨ᠋ᠲ ᠤᠨ ᠣᠷᠣᠨ ᠪᠦᠰᠡ ᠠᠯᠤᠰᠯᠠᠭᠰᠠᠨ ᠭᠦᠢᠯᠭᠡᠭᠡ ᠨᠡᠩ ᠤᠷᠤᠭᠰᠢᠲᠠᠢ ᠪᠣᠯᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠥᠨᠳᠥᠷ ᠪᠦᠲᠦᠮᠵᠢᠲᠡᠶ | ᠡᠷᠴᠢᠮᠵᠢᠭᠰᠡᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮᠵᠢ ᠦᠨᠳᠦᠰᠦᠨ ᠳᠡᠭᠡᠨ ᠪᠠᠶᠢᠭᠤᠯᠤᠭᠳᠠᠵᠤ᠂ ᠬᠤᠳᠠ ᠬᠥᠳᠡᠭᠡ ᠶᠢ | ᠨᠢᠭᠡ ᠴᠣᠭᠴᠠᠵᠢᠭᠰᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠭᠰᠠᠨ᠂ ᠳᠣᠲᠣᠭᠠᠳᠤ ᠭᠠᠳᠠᠭᠠᠳᠤ ᠠᠷᠠᠯᠵᠢᠶ᠎ᠠ ᠬᠠᠷᠢᠯᠴᠠᠨ | ᠠᠬᠢᠭᠤᠯᠤᠭᠰᠠᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠦᠨᠳᠦᠰᠦᠨ ᠳᠡᠭᠡᠨ ᠪᠠᠶᠢᠭᠤᠯᠤᠭᠳᠠᠵᠤ᠂ ᠵᠠᠮ ᠲᠡᠭᠡᠭᠡᠪᠦᠷᠢ ᠶᠢᠨ ᠠᠴᠢᠶᠠᠨ ᠤ | ᠴᠢᠳᠠᠪᠤᠷᠢ᠂ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠬᠤ | ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠬᠦ ᠳᠤ ᠦᠵᠡᠭᠦᠯᠬᠦ ᠰᠠᠭᠤᠷᠢ | ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠢᠯᠡᠳᠦᠯ ᠢᠯᠡᠳᠲᠡ ᠳᠡᠭᠡᠭᠰᠢᠯᠡᠨ᠎ᠡ᠃ | ᠬᠤᠶᠠᠷ᠂ ᠭᠤᠣᠯᠯᠠᠬᠤ ᠭᠦᠢᠯᠭᠡᠭᠡᠨ ᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠤᠯᠭᠠᠭᠤᠷᠢᠯᠠᠨ᠎ᠠ | ︵ᠨᠢᠭᠡ︶ ᠬᠦᠭᠵᠢᠯᠲᠡ ᠶᠢᠨ ᠪᠠᠶᠢᠷᠢ ᠳᠤᠭᠲᠠᠭᠠᠯᠲᠠ | ᠶᠡᠷᠦᠩᠬᠡᠶ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ | ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ︽ᠨᠡᠪᠲᠡᠷᠡᠬᠦ ᠵᠠᠮ + | ᠬᠦᠢᠰᠦ + ᠰᠦᠯᠵᠢᠶ᠎ᠡ︾ ᠶᠢᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠬᠤ ᠶᠢ ᠲᠤᠯᠭᠠᠭᠤᠷᠢᠯᠠᠬᠤ ᠶᠢᠨ | ᠲᠣᠭᠤᠷᠢᠨ ᠳᠤ᠂ ᠬᠥᠬᠡᠬᠤᠲᠠ ᠶᠢᠨ ︽ᠨᠢᠭᠡ ᠪᠦᠰᠡ ᠨᠢᠭᠡ ᠵᠠᠮ︾ ᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠴᠢᠬᠤᠯᠠ | ᠵᠠᠩᠭᠢᠯᠠᠭ᠎ᠠ ᠶᠢᠨ ᠬᠤᠲᠠ ᠶᠢᠨ ᠳᠠᠪᠠᠭᠤᠯᠢᠭ ᠢ ᠪᠠᠳᠠᠷᠠᠭᠤᠯᠤᠨ᠂ ᠬᠥᠬᠡᠬᠤᠲᠠ ᠵᠢᠴᠢ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠤᠨ ᠬᠤᠲᠠ ᠶᠢᠨ | ᠪᠥᠭᠡᠮᠨᠡᠷᠡᠯ ᠤᠨ ᠪᠠᠷᠠᠭᠠᠨ ᠤ ᠭᠦᠢᠯᠭᠡᠭᠡ ᠬᠢᠭᠡᠳ ᠠᠵᠤ ᠠᠬᠤᠶ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠥᠲᠥᠯᠦᠨ ᠵᠢᠯᠣᠭᠤᠳᠬᠤ ᠳᠤ | ᠰᠠᠭᠤᠷᠢᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠵᠦ᠂ ᠤᠮᠠᠷᠠᠲᠤ ᠶᠢᠨ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ᠂ ᠤᠮᠠᠷᠠᠲᠤ ᠬᠢᠯᠢ ᠶᠢᠨ ᠣᠯᠠᠨ | ᠤᠯᠤᠰ ᠤᠨ ᠬᠦᠢᠰᠦ᠂ ᠤᠯᠤᠰ ᠤᠨ ᠮᠠᠯ ᠠᠵᠤ ᠠᠬᠤᠶ ᠶᠢᠨ ᠮᠡᠷᠭᠡᠵᠢᠯ ᠤᠨ ᠲᠥᠪ ᠪᠠ ᠤᠮᠠᠷᠠᠲᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ ᠢ ᠴᠢᠨᠠᠷ ᠰᠠᠶᠢᠲᠠᠶ ᠪᠠᠶᠢᠭᠤᠯᠤᠨ᠎ᠠ᠃ | ︵ᠬᠤᠶᠠᠷ︶ ᠭᠤᠣᠯ ᠦᠢᠯᠡᠳᠦᠯ | 1. ᠤᠮᠠᠷᠠᠲᠤ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ᠄ | ᠬᠥᠬᠡᠬᠤᠲᠠ ᠶᠢᠨ ᠡᠯᠪᠡᠭ ᠪᠠᠶᠠᠯᠢᠭ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠪᠠ ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠲᠤ ᠲᠦᠰᠢᠭᠯᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠳᠠᠯᠳᠤᠨ ᠠᠪᠬᠤ᠂ ᠬᠠᠳᠠᠭᠠᠯᠠᠬᠤ᠂ | ᠡᠳ᠋ᠰᠢᠭᠦᠯᠬᠦ ᠪᠠ ᠪᠣᠷᠣᠯᠠᠭᠤᠯᠬᠤ ᠶᠢ ᠴᠢᠩᠭᠠᠳᠬᠠᠵᠤ᠂ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠪᠠ ᠥᠷᠲᠡᠭ ᠤᠨ ᠳᠡᠭᠡᠭᠰᠢᠯᠡᠯᠲᠡ ᠶᠢ | ᠲᠦᠷᠭᠡᠳᠬᠡᠨ᠎ᠡ᠃ | 2. ᠤᠮᠠᠷᠠᠲᠤ ᠬᠢᠯᠢ ᠶᠢᠨ ᠣᠯᠠᠨ ᠤᠯᠤᠰ ᠤᠨ ᠬᠦᠢᠰᠦ᠄ ᠬᠥᠬᠡᠬᠤᠲᠠ ᠶᠢᠨ ᠳᠤᠮᠳᠠᠳᠤ ᠮᠣᠩᠭᠤᠯ ᠣᠷᠣᠰ ᠬᠢᠭᠡᠳ ︽ᠬᠤᠶᠠᠷ ᠤᠮᠠᠷᠠᠲᠤ ᠨᠢᠭᠡ ᠪᠦᠯᠦᠭ | ︾ ᠤᠨ ᠥᠷᠥᠴᠡ ᠭᠠᠵᠠᠷ ᠣᠷᠣᠨ ᠳᠤ ᠬᠠᠨᠳᠤᠭᠤᠯᠤᠭᠰᠠᠨ ᠪᠠᠷᠠᠭᠠᠨ ᠤ ᠭᠦᠢᠯᠭᠡᠭᠡᠨ ᠤ ᠰᠠᠶᠢᠨ ᠰᠠᠶᠢᠬᠠᠨ ᠣᠷᠣᠨ ᠪᠠᠶᠢᠷᠢ ᠵᠢᠴᠢ ᠪᠠᠷᠠᠭᠤᠨ ᠬᠡᠰᠡᠭ ᠤᠨ | ᠬᠠᠭᠤᠷᠠᠢ ᠲᠡᠯᠡᠶ ᠶᠢᠨ ᠰᠢᠨ᠎ᠡ ᠨᠡᠪᠲᠡᠷᠡᠬᠦ ᠵᠠᠮ ᠤᠨ ᠤᠮᠠᠷᠠᠰᠢ ᠬᠤᠯᠪᠤᠭᠠᠯᠠᠨ ᠬᠥᠳᠡᠯᠦᠯᠴᠡᠬᠦ ᠴᠢᠬᠤᠯᠠ ᠵᠠᠩᠭᠢᠯᠠᠭ᠎ᠠ ᠶᠢᠨ ᠴᠡᠭ ᠲᠤ ᠲᠦᠰᠢᠭᠯᠡᠨ᠂ ᠪᠠᠷᠠᠭᠠᠨ ᠤ | ᠭᠦᠢᠯᠭᠡᠭᠡᠨ ᠤ ᠬᠦᠢᠰᠦ ᠶᠢᠨ ᠦᠢᠯᠡᠳᠦᠯ ᠢ ᠪᠠᠳᠠᠷᠠᠭᠤᠯᠵᠤ᠂ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠲᠦᠷᠭᠡᠨ ᠭᠦᠢᠯᠭᠡᠭᠡᠨ ᠢ ᠠᠬᠢᠭᠤᠯᠤᠨ᠎ᠠ᠃ | 3. ᠤᠯᠤᠰ ᠤᠨ ᠮᠠᠯ ᠠᠵᠤ ᠠᠬᠤᠢ ᠶᠢᠨ ᠮᠡᠷᠭᠡᠵᠢᠯ ᠤᠨ ᠲᠥᠪ᠄ ᠬᠥᠬᠡᠬᠤᠲᠠ ᠶᠢᠨ ᠰᠦ ᠶᠢᠨ ᠠᠵᠤ ᠦᠢᠯᠡᠰ᠂ ᠡᠪᠡᠰᠦᠨ ᠦᠷ᠎ᠡ ᠶᠢᠨ ᠠᠵᠤ ᠦᠢᠯᠡᠰ᠂ | ᠮᠠᠯ ᠤᠨ ᠸᠠᠺᠼᠢᠨ ᠤ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠪᠥᠬᠦ ᠤᠯᠤᠰ ᠤᠨ ᠭᠠᠷᠤᠯᠲᠠ ᠶᠢᠨ ᠣᠷᠣᠨ ᠳᠤ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠳᠤ ᠬᠡᠷᠡᠭᠰᠡᠬᠦ ᠬᠠᠮᠤᠭ ᠤᠨ ᠲᠡᠷᠢᠭᠦᠨ ᠤ ᠮᠡᠷᠭᠡᠵᠢᠯ ᠪᠠ ᠴᠢᠬᠤᠯᠠ ᠳᠡᠮᠵᠢᠯᠭᠡ ᠬᠠᠩᠭᠠᠨ᠎ᠠ᠃ ᠲᠠᠷᠢᠶᠠᠯᠠᠩ ᠤᠨ ᠮᠡᠷᠭᠡᠵᠢᠯ | ᠳᠡᠯᠭᠡᠷᠡᠭᠦᠯᠬᠦ ᠦᠢᠯᠡᠴᠢᠯᠡᠭᠡᠨ ᠤ ᠲᠥᠪ ᠪᠣᠯᠣᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠲᠥᠪ ᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠣᠳᠣᠬᠢᠴᠢᠯᠠᠯᠲᠠ ᠪᠠ ᠥᠨᠳᠥᠷ | ᠠᠰᠢᠭᠯᠠᠮᠵᠢ ᠶᠢ ᠠᠬᠢᠭᠤᠯᠤᠨ᠎ᠠ᠃ | 4. ᠤᠮᠠᠷᠠᠲᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ᠄ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠡᠳᠡᠭᠡ ᠵᠠᠩᠭᠢ ᠶᠢᠨ ᠲᠠᠪᠴᠠᠩ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠮᠡᠳᠡᠭᠡ ᠵᠠᠩᠭᠢ ᠶᠢᠨ | ᠦᠢᠯᠡᠴᠢᠯᠡᠭᠡᠨ ᠤ ᠲᠥᠪ ᠢ ᠪᠠᠶᠢᠭᠤᠯᠬᠤ ᠪᠠᠷ ᠳᠠᠮᠵᠢᠭᠤᠯᠤᠨ᠂ ᠪᠥᠬᠦ ᠤᠯᠤᠰ ᠲᠤ ᠬᠠᠨᠳᠤᠭᠤᠯᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠲᠠᠷᠢᠶᠠᠯᠠᠩ ᠤᠨ ᠮᠡᠷᠭᠡᠵᠢᠯ ᠤᠨ ᠮᠡᠳᠡᠭᠡ ᠵᠠᠩᠭᠢ ᠪᠠ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠠᠩᠭᠠᠯᠭ᠎ᠠ ᠶᠢᠨ ᠮᠡᠳᠡᠭᠡ ᠵᠠᠩᠭᠢ ᠵᠡᠷᠭᠡ ᠶᠢ ᠬᠠᠩᠭᠠᠵᠤ᠂ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠴᠠᠭ | ᠲᠤᠬᠠᠢ ᠶᠢᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠵᠤ᠂ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠣᠨᠣᠪᠴᠢᠲᠠᠢ ᠵᠣᠯᠭᠠᠭᠤᠯᠤᠨ᠎ᠠ᠃ | ᠭᠤᠷᠪᠠ᠂ ᠲᠠᠸᠠᠷ ᠪᠣᠯᠣᠨ ᠡᠬᠢ ᠪᠠᠶᠠᠯᠢᠭ ᠤᠨ ᠬᠦᠴᠦᠨ ᠵᠦᠢᠯ ᠤᠨ ᠭᠦᠢᠯᠭᠡᠭᠡᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ | ︵ᠨᠢᠭᠡ︶ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠬᠢᠨᠠᠨ ᠵᠥᠪᠰᠢᠶᠡᠷᠡᠬᠦ | ᠴᠤᠪᠤᠷᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠴᠢᠬᠤᠯᠠ ᠪᠤᠰᠤ ᠵᠠᠩᠭᠢᠯᠠᠭ᠎ᠠ ᠶᠢ ᠦᠭᠡᠶᠢᠰᠬᠡᠵᠦ᠂ ᠰᠢᠨᠵᠢᠯᠡᠬᠦ ᠤᠬᠠᠭᠠᠨᠴᠢ ᠪᠤᠰᠤ ᠲᠠᠰ ᠳᠠᠷᠠᠭᠠᠯᠠᠯ ᠢ | ᠲᠡᠭᠦᠯᠳᠡᠷᠵᠢᠭᠦᠯᠦᠨ᠂ ᠬᠢᠨᠠᠨ ᠵᠥᠪᠰᠢᠶᠡᠷᠡᠬᠦ ᠴᠠᠭ ᠢ ᠤᠯᠠᠮ ᠨᠢᠭᠡ ᠠᠯᠬᠤᠮ ᠪᠣᠭᠤᠨᠢᠰᠬᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠬᠤᠳᠠᠯᠳᠤᠭᠠᠨ ᠤ | ᠶᠠᠪᠤᠳᠠᠯ ᠤᠨ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ᠂ ᠪᠥᠬᠦ ᠤᠯᠤᠰ ᠤᠨ ᠨᠢᠭᠡᠳᠦᠯᠲᠡᠢ ᠶᠡᠭᠡ ᠵᠠᠬ᠎ᠠ | ᠳᠡᠯᠭᠡᠭᠦᠷ ᠤᠨ ᠪᠠᠶᠢᠭᠤᠯᠤᠯᠲᠠ ᠪᠠ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠬᠥᠭᠵᠢᠯᠲᠡ ᠶᠢᠨ ᠵᠢᠮ᠎ᠡ ᠶᠣᠰᠣ ᠠᠴᠠ ᠵᠥᠷᠢᠴᠡᠭᠰᠡᠨ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠬᠦᠴᠦᠨ ᠦᠭᠡᠢ ︵ᠵᠠᠰᠠᠪᠤᠷᠢ ᠣᠷᠣᠭᠤᠯᠤᠨ᠎ᠠ︶ ᠪᠣᠯᠭᠠᠨ᠎ᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯᠲᠠᠨ ᠤ ᠪᠣᠯᠪᠠᠰᠤᠷᠠᠭᠤᠯᠤᠯ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ᠂ ᠦᠢᠯᠡᠴᠢᠯᠡᠭᠡᠨ ᠤ ᠬᠢᠷᠢ | ᠲᠦᠪᠰᠢᠨ ᠵᠢᠴᠢ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠬᠤᠶᠠᠷ︶ ᠭᠤᠥᠯᠴᠢ ᠪᠠᠷ ᠥᠷᠢᠰᠦᠯᠳᠦᠬᠦ ᠣᠷᠴᠢᠨ ᠲᠣᠭᠤᠷᠢᠨ ᠢ ᠪᠣᠶ ᠪᠣᠯᠭᠠᠨ᠎ᠠ᠃ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ | ᠠᠵᠢᠯ ᠲᠦᠷᠦᠯ ᠤᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠷᠸ᠎ᠠ᠂ ᠬᠤᠮᠠᠬᠢ ᠬᠦᠷᠢᠶᠡᠨ ᠳᠠᠬᠢ ᠲᠦᠷᠦ ᠶᠢᠨ ᠪᠣᠳᠣᠯᠭ᠎ᠠ ᠶᠢ | ᠵᠣᠬᠢᠴᠠᠭᠤᠯᠤᠨ ᠨᠡᠶᠢᠳᠬᠡᠬᠦ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠬᠤᠭᠤᠷᠣᠨᠳᠣᠬᠢ ᠮᠥᠷᠭᠦᠯᠳᠦᠭᠡᠨ ᠪᠠ ᠪᠠᠯᠠᠢ ᠣᠷᠣᠨ ᠢ ᠠᠷᠢᠯᠭᠠᠵᠤ᠂ ᠠᠵᠤ | ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ᠂ ᠠᠵᠢᠯ ᠲᠦᠷᠦᠯ ᠤᠨ ᠨᠡᠶᠢᠭᠡᠮᠯᠢᠭ ᠪᠣᠯᠣᠨ ᠠᠵᠤ ᠠᠬᠤᠶᠢᠯᠠᠯ ᠤᠨ ᠬᠤᠭᠤᠷᠣᠨᠳᠣᠬᠢ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ | ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠤᠯᠠᠨ ᠤᠯᠤᠰ ᠤᠨ ᠵᠤᠷᠰᠢᠯ ᠳᠤ ᠨᠡᠶᠢᠴᠡᠭᠰᠡᠨ ᠭᠦᠢᠯᠭᠡᠭᠡᠨ ᠤ ᠪᠠᠷᠢᠮᠵᠢᠶ᠎ᠠ ᠲᠣᠭᠲᠠᠭᠠᠬᠤ ᠶᠢ | ᠵᠣᠷᠢᠭᠵᠢᠭᠤᠯᠤᠨ᠎ᠠ᠂ ᠡᠭᠦᠨ ᠳᠤ ᠶᠠᠰᠤ ᠴᠢᠨᠠᠷ ᠤᠨ ᠪᠠᠷᠢᠮᠵᠢᠶ᠎ᠠ᠂ ᠦᠢᠯᠡᠴᠢᠯᠡᠭᠡᠨ ᠤ ᠪᠠᠷᠢᠮᠵᠢᠶ᠎ᠠ᠂ ᠠᠶᠤᠯᠭᠦᠢ ᠶᠢᠨ ᠪᠠᠷᠢᠮᠵᠢᠶ᠎ᠠ ᠵᠡᠷᠭᠡ ᠪᠠᠭᠲᠠᠨ᠎ᠠ᠃ ᠡᠭᠦᠨ ᠤ | ᠬᠠᠮᠲᠤ᠂ ᠪᠠᠷᠢᠮᠵᠢᠶ᠎ᠠ ᠶᠢᠨ ᠲᠤᠬᠠᠢ ᠤᠬᠠᠭᠤᠯᠭ᠎ᠠ ᠪᠠ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠤ ᠠᠬᠤᠶᠢᠯᠠᠯ ᠪᠠ ᠬᠡᠷᠡᠭᠯᠡᠭᠴᠢᠳ ᠤᠨ ᠪᠠᠷᠢᠮᠵᠢᠶ᠎ᠠ ᠶᠢᠨ | ᠲᠤᠬᠠᠢ ᠦᠵᠡᠯ ᠤᠬᠠᠮᠰᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠨᠡᠭᠡᠭᠡᠯᠲᠡ ᠪᠠ | ᠣᠷᠣᠨ ᠪᠦᠰᠡ ᠶᠢᠨ ᠬᠠᠮᠲᠤᠷᠠᠯᠴᠠᠭ᠎ᠠ ᠶᠢ ᠢᠳᠡᠪᠬᠢᠲᠡᠢ ᠪᠠᠷ ᠠᠬᠢᠭᠤᠯᠵᠤ᠂ ᠡᠷᠬᠢᠨ ᠲᠣᠭᠤᠷᠢᠨ ᠤ ᠬᠤᠲᠠ᠂ ᠢᠯᠠᠩᠭᠤᠶ᠎ᠠ ᠪᠤᠭᠤᠲᠤ ᠣᠷᠳᠣᠰ ᠤᠯᠠᠭᠠᠨᠴᠠᠪ | ᠭᠤᠷᠪᠠᠨ ᠬᠤᠲᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠡᠳᠦᠯᠲᠡᠢ ᠲᠠᠸᠠᠷ ᠪᠠ ᠦᠢᠯᠡᠴᠢᠯᠡᠭᠡᠨ ᠤ ᠵᠠᠬ᠎ᠠ | ᠳᠡᠯᠭᠡᠭᠦᠷ ᠢ ᠬᠠᠮᠲᠤᠪᠠᠷ ᠪᠣᠶ ᠪᠣᠯᠭᠠᠨ᠎ᠠ᠃ ︵ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ᠳᠥᠷᠪᠡ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ︵ᠨᠢᠭᠡ︶ ᠥᠨᠳᠥᠷ ᠪᠠᠷᠢᠮᠵᠢᠶ᠎ᠠ ᠲᠠᠢ ᠲᠠᠸᠠᠷ ᠤᠨ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠤᠨ᠎ᠠ | 1. ᠵᠠᠬ᠎ᠠ ᠳᠡᠯᠭᠡᠭᠦᠷ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠠᠷᠭ᠎ᠠ ᠵᠠᠮ ᠢ ᠵᠣᠯᠭᠠᠭᠤᠯᠬᠤ ᠶᠢ ᠴᠢᠩᠭᠠᠳᠬᠠᠨ᠎ᠠ᠃ ᠮᠧᠶ ᠲᠦᠩ ᠲᠠᠷᠢᠶᠠᠯᠠᠩ ᠤᠨ | ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠸᠠᠨ ᠬᠤᠶ ᠲᠠᠷᠢᠶᠠᠯᠠᠩ ᠠᠷᠠᠯᠵᠢᠶ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ | ᠶᠢᠨ ᠬᠠᠢ ᠲᠡᠮᠦᠷᠯᠢᠭ ᠤᠨ ᠮᠠᠰᠢᠨ ᠴᠠᠬᠢᠯᠭᠠᠨ ᠤ ᠬᠤᠲᠠ᠂ ᠷᠦᠨ ᠢᠦᠢ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠵᠡᠷᠭᠡ ᠡᠯ᠎ᠡ ᠲᠥᠷᠥᠯ ᠤᠨ | ᠲᠠᠸᠠᠷ ᠤᠨ ᠵᠠᠬ᠎ᠠ ᠳᠡᠯᠭᠡᠭᠦᠷ ᠢ ᠬᠥᠲᠥᠯᠥᠨ ᠵᠢᠯᠤᠭᠤᠳᠴᠤ ᠪᠠᠶᠢᠭᠠᠳ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠠᠬᠤᠢ ᠶᠢ ᠨᠡᠭᠡᠭᠡᠨ | ᠬᠥᠭᠵᠢᠭᠦᠯᠵᠦ᠂ ᠤᠯᠠᠮᠵᠢᠯᠠᠯᠲᠤ ᠠᠷᠠᠯᠵᠢᠶ᠎ᠠ ᠶᠢᠨ ᠠᠬᠤᠢ ᠶᠢ ᠲᠣᠭᠠᠴᠢᠯᠠᠨ ᠳᠠᠬᠢᠨ ᠴᠣᠭᠴᠠᠯᠠᠬᠤ ᠶᠢ ᠲᠦᠷᠭᠡᠳᠬᠡᠨ᠂ ᠦᠢᠯᠡᠳᠪᠦᠷᠢᠯᠡᠯ ᠪᠣᠷᠤᠯᠠᠭᠤᠯᠭ᠎ᠠ ᠶᠢᠨ | ᠬᠡᠷᠡᠭᠴᠡᠭᠡ ᠱᠠᠭᠠᠷᠳᠠᠯᠭ᠎ᠠ ᠶᠢᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ | ᠵᠣᠯᠭᠠᠭᠤᠯᠬᠤ ᠸᠢᠴᠠᠲ ᠤᠨ ᠲᠠᠪᠴᠠᠩ ᠢ ᠰᠦᠪᠡᠭᠴᠢᠯᠡᠨ ᠪᠠᠶᠢᠭᠤᠯᠵᠤ᠂ ᠲᠣᠮᠣ ᠬᠡᠯᠪᠡᠷᠢ ᠶᠢᠨ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠤᠨ | ᠬᠠᠩᠭᠠᠯᠭ᠎ᠠ ᠶᠢᠨ ᠪᠠᠶᠢᠳᠠᠯ ᠪᠠ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ | ᠪᠠᠶᠢᠳᠠᠯ ᠢ ᠬᠤᠷᠢᠶᠠᠩᠭᠤᠶᠢᠯᠠᠨ ᠨᠡᠶᠢᠲᠡᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠨ᠎ᠠ᠃ | ᠣᠷᠣᠨ ᠪᠦᠰᠡ ᠶᠢᠨ ᠬᠤᠭᠤᠷᠣᠨᠳᠤᠬᠢ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ | ᠦᠢᠯᠡᠳᠪᠦᠷᠢᠯᠡᠬᠦ᠂ ᠪᠣᠷᠣᠯᠠᠭᠤᠯᠬᠤ ᠠᠵᠤ ᠠᠬᠤᠶᠢᠯᠠᠯ ᠤᠨ ᠬᠤᠭᠤᠷᠣᠨᠳᠤ ᠪᠠᠨ ᠲᠣᠭᠲᠠᠪᠤᠷᠢᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ | ᠪᠠᠶᠢᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 2. ᠲᠠᠸᠠᠷ ᠤᠨ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠲᠡᠰ ᠳᠡᠪᠰᠢᠭᠦᠯᠦᠨ᠎ᠡ᠃ ᠲᠠᠸᠠᠷ ᠤᠨ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠲᠠᠰ ᠳᠡᠪᠰᠢᠭᠦᠯᠬᠦ | ᠲᠤᠰᠬᠠᠢ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠠᠰ ᠳᠡᠪᠰᠢᠭᠦᠯᠵᠦ᠂ | ᠬᠥᠮᠥᠷᠭᠡᠯᠡᠨ ᠬᠠᠳᠠᠭᠠᠯᠠᠬᠤ᠂ ᠢᠯᠭᠠᠬᠤ᠂ ᠡᠳ᠋ᠰᠢᠭᠦᠯᠬᠦ᠂ ᠲᠣᠬᠢᠷᠠᠭᠤᠯᠤᠨ ᠬᠦᠷᠭᠡᠬᠦ᠂ ᠬᠦᠢᠲᠡᠨ ᠬᠡᠯᠬᠢᠶ᠎ᠡ ᠵᠡᠷᠭᠡ ᠪᠠᠷᠠᠭᠠᠨ ᠤ ᠭᠦᠢᠯᠭᠡᠭᠡᠨ ᠤ ᠪᠡᠯᠡᠳᠬᠡᠮᠵᠢ | ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠪᠠᠷᠢᠮᠵᠢᠶ᠎ᠠ ᠲᠠᠪᠠᠭ᠂ ᠡᠷᠭᠢᠯᠳᠦᠭᠦᠯᠬᠦ ᠬᠠᠶᠢᠷᠴᠠᠭ ᠢ ᠣᠷᠴᠢᠯᠳᠤᠭᠤᠯᠤᠨ ᠬᠠᠮᠲᠤ ᠪᠠᠷ ᠬᠡᠷᠡᠭᠯᠡᠬᠦ ᠰᠢᠰᠲ᠋ᠧᠮ ᠢ | ᠰᠦᠪᠡᠭᠴᠢᠯᠡᠨ ᠪᠠᠶᠢᠭᠤᠯᠤᠨ᠎ᠠ᠃ ᠡᠯᠧᠺᠲᠷᠣᠨ ᠠᠷᠠᠯᠵᠢᠶ᠎ᠠ ᠶᠢᠨ ᠳ᠋ᠦᠩᠨᠡᠨ ᠪᠤᠳᠤᠬᠤ ᠰᠢᠰᠲ᠋ᠧᠮ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ᠂ | ᠲᠣᠮᠣ ᠳ᠋ᠠᠶᠢᠲ᠋ᠠ ᠶᠢᠨ ᠲᠥᠪ ᠵᠡᠷᠭᠡ ᠲᠣᠭᠠᠴᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠷᠢᠯᠴᠠᠨ ᠬᠤᠯᠪᠣᠯᠳᠤᠵᠤ ᠬᠠᠷᠢᠯᠴᠠᠨ | ᠨᠡᠪᠲᠡᠷᠡᠯᠴᠡᠬᠦ ᠶᠢ ᠠᠬᠢᠭᠤᠯᠤᠨ᠎ᠠ᠃ ᠪᠡᠯᠡᠳᠬᠡᠮᠵᠢ ᠲᠥᠬᠦᠭᠡᠷᠦᠮᠵᠢ ᠶᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠬᠦ ᠶᠢ ᠵᠣᠷᠢᠭᠵᠢᠭᠤᠯᠵᠤ᠂ ᠪᠣᠬᠢᠷᠲᠤᠯ ᠦᠭᠡᠢ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠣᠪᠴᠢᠶ᠎ᠠ ᠬᠠᠮᠵᠢᠯᠴᠠᠨ᠎ᠠ︶ | 3. ᠲᠣᠭᠠᠴᠢᠯᠠᠭᠰᠠᠨ ᠣᠶᠤᠨᠴᠢᠯᠠᠭᠰᠠᠨ ᠪᠡᠯᠡᠳᠬᠡᠮᠵᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠲᠣ ᠦᠶ᠎ᠡ ᠶᠢᠨ | ᠭᠦᠢᠯᠭᠡᠭᠡᠨ ᠤ ᠬᠦᠷᠢᠶᠡᠨ ᠳᠠᠬᠢ ᠠᠵᠢᠯ ᠲᠥᠷᠥᠯ ᠤᠨ ᠬᠤᠲᠠ ᠶᠢᠨ ᠱᠠᠲᠤᠨ ᠤ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠣᠲᠣ ᠶᠢᠨ ᠪᠠᠶᠢᠭ᠎ᠠ ᠪᠡᠯᠡᠳᠬᠡᠮᠵᠢ ᠶᠢ ᠥᠭᠡᠷᠡᠴᠢᠯᠡᠬᠦ ᠪᠠ ᠲᠠᠰ ᠳᠡᠪᠰᠢᠭᠦᠯᠬᠦ ᠶᠢ ᠴᠢᠩᠭᠠᠳᠬᠠᠵᠤ᠂ | ᠤᠯᠠᠮᠵᠢᠯᠠᠯᠲᠤ ᠭᠦᠢᠯᠭᠡᠭᠡᠨ ᠤ ᠪᠡᠯᠡᠳᠬᠡᠮᠵᠢ ᠶᠢ ᠣᠶᠤᠨᠴᠢᠯᠠᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠡᠳ᠋ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠬᠢᠮᠡᠯ ᠣᠶᠣᠨ ᠵᠡᠷᠭᠡ ᠮᠡᠷᠭᠡᠵᠢᠯ ᠢ ᠥᠷᠭᠡᠨ ᠢᠶᠠᠷ ᠬᠡᠷᠡᠭᠯᠡᠨ ᠲᠣᠭᠠᠴᠢᠯᠠᠭᠰᠠᠨ ᠣᠶᠤᠨᠴᠢᠯᠠᠭᠰᠠᠨ ᠪᠡᠯᠡᠳᠬᠡᠮᠵᠢ | ᠲᠥᠬᠦᠭᠡᠷᠦᠮᠵᠢ ᠳᠠᠬᠢ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠶᠤᠨᠴᠢᠯᠠᠭᠰᠠᠨ ᠬᠥᠮᠥᠷᠭᠡ᠂ ᠣᠶᠤᠨᠴᠢᠯᠠᠭᠰᠠᠨ ᠪᠠᠷᠠᠭᠠᠨ ᠤ ᠭᠦᠢᠯᠭᠡᠭᠡ᠂ | ᠣᠶᠤᠨᠴᠢᠯᠠᠭᠰᠠᠨ ᠲᠣᠬᠢᠷᠠᠭᠤᠯᠤᠨ ᠬᠦᠷᠭᠡᠬᠦ᠂ ᠣᠶᠤᠨᠴᠢᠯᠠᠭᠰᠠᠨ ᠵᠢᠵᠢᠭᠯᠡᠨ ᠬᠤᠳᠠᠯᠳᠤᠬᠤ ᠦᠵᠦᠭᠦᠷ ᠵᠡᠷᠭᠡ ᠶᠢ ᠪᠠᠶᠢᠭᠤᠯᠵᠤ᠂ ᠭᠦᠢᠯᠭᠡᠭᠡᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠬᠤᠶᠠᠷ︶ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ | 1. ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠣᠣᠷ ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠤᠨ | ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠢᠶᠠᠷ ᠭᠤᠣᠯ ᠪᠣᠯᠭᠠᠭᠰᠠᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ᠂ ᠶᠡᠷᠦᠩᠬᠡᠶᠢᠯᠡᠭᠰᠡᠨ ᠬᠡᠯᠬᠢᠶ᠎ᠡ ᠬᠡᠳᠦ ᠳᠡᠯᠭᠡᠭᠦᠷ ᠢᠶᠠᠷ ᠰᠠᠭᠤᠷᠢ ᠪᠣᠯᠭᠠᠭᠰᠠᠨ᠂ ᠪᠠᠷᠢᠮᠵᠢᠶ᠎ᠠ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠪᠠ ᠨᠡᠶᠢᠭᠡᠮ | ᠲᠣᠭᠤᠷᠢᠭ ᠤᠨ ᠲᠥᠳᠡ ᠳᠡᠯᠭᠡᠭᠦᠷ ᠢᠶᠠᠷ ᠦᠵᠦᠭᠦᠷ ᠪᠣᠯᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠲᠣᠣᠷ ᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ᠮᠢᠩ ᠫᠢᠨ ᠹᠦ᠋᠂ ᠵᠦᠩ ᠨᠦᠩ ᠯᠢᠶᠠᠨ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠨ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 2. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠵᠠᠭᠪᠤᠷ ᠢ ᠥᠷᠭᠡᠳᠬᠡᠨ᠎ᠡ᠃ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠪᠠ ᠡᠵᠡᠩᠨᠡᠨ ᠪᠣᠷᠣᠯᠠᠭᠤᠯᠤᠯᠲᠠ ᠪᠠᠨ ᠴᠢᠩᠭᠠᠳᠬᠠᠨ᠂ ᠭᠦᠢᠯᠭᠡᠭᠡᠨ ᠤ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠣᠬᠤᠷ ᠬᠡᠯᠬᠢᠶᠡᠨ ᠤ ᠭᠦᠢᠯᠭᠡᠭᠡᠨ ᠤ ᠵᠠᠭᠪᠤᠷ ᠤᠨ | ᠰᠢᠨ᠎ᠡ ᠶᠢ ᠡᠭᠦᠳᠴᠦ᠂ ᠭᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠪᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ ᠬᠡᠳᠦ ᠳᠡᠯᠭᠡᠭᠦᠷ᠂ | ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠬᠡᠷᠡᠭᠯᠡᠭᠡᠨ ᠤ ᠦᠵᠦᠭᠦᠷ ᠲᠠᠢ ᠵᠣᠯᠭᠠᠭᠤᠯᠵᠤ᠂ ᠵᠠᠬᠢᠶᠠᠯᠠᠭ᠎ᠠ ᠶᠢᠨ ᠲᠠᠷᠢᠶᠠᠯᠠᠩ ᠢ ᠬᠥᠭᠵᠢᠭᠦᠯᠦᠨ᠎ᠡ᠃ ᠡᠭᠦᠨ ᠤ | ᠬᠠᠮᠲᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠰᠦᠪᠡᠭᠴᠢᠯᠡᠨ | ᠪᠠᠶᠢᠭᠤᠯᠵᠤ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠯᠦᠭᠡ ᠢᠵᠢ ᠪᠦᠷᠢᠳᠦᠭᠰᠡᠨ ᠭᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 3. ᠥᠪᠥᠷ ᠮᠣᠩᠭᠤᠯ ᠤᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ︽ᠭᠠᠳᠠᠭᠰᠢ ᠭᠠᠷᠬᠤ︾ ᠶᠢ ᠲᠦᠯᠬᠢᠨ | ᠠᠬᠢᠭᠤᠯᠤᠨ᠎ᠠ᠃ ᠬᠥᠬᠡᠬᠤᠲᠠ ᠶᠢᠨ ᠴᠠᠭᠠᠨ ᠢᠳᠡᠭᠡ᠂ ᠠᠮᠢᠳᠤ ᠭᠠᠭ᠋ᠠᠢ᠂ ᠢᠳᠡᠰᠢᠨ ᠦᠬᠡᠷ᠂ ᠢᠳᠡᠰᠢᠨ ᠬᠤᠨᠢ᠂ ᠲᠥᠮᠥᠰᠥ᠂ ᠢᠳᠡᠰᠢᠨ ᠨᠣᠭᠤᠭ᠎ᠠ᠂ ᠡᠯᠳᠡᠪ | ᠠᠮᠤ ᠪᠠᠷ ᠭᠤᠣᠯ ᠪᠣᠯᠭᠠᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠣᠷᠣᠨ ᠤ ᠲᠥᠪ ᠤᠨ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭᠲᠦ ᠶᠢᠨ | ᠰᠢᠰᠲ᠋ᠧᠮᠵᠢ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ︽ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ + ᠠᠵᠤ | ᠠᠬᠤᠶᠢᠯᠠᠯ ᠤᠨ ᠲᠥᠷᠥᠯ ᠲᠡᠮᠳᠡᠭᠲᠦ + ᠠᠵᠤ ᠠᠬᠤᠶᠢᠯᠠᠯ ᠤᠨ ᠪᠦᠲᠦᠭᠡᠭᠳᠡᠬᠦᠨ ᠤ ᠲᠥᠷᠥᠯ ᠲᠡᠮᠳᠡᠭᠲᠦ︾ ᠶᠢᠨ ᠲᠥᠷᠥᠯ ᠲᠡᠮᠳᠡᠭᠲᠦ ᠶᠢ ᠳᠡᠯᠭᠡᠷᠡᠭᠦᠯᠬᠦ | ᠵᠠᠭᠪᠤᠷ ᠢ ᠪᠠᠶᠢᠭᠤᠯᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ︽ᠪᠣᠬᠢᠷᠲᠤᠯ ᠦᠭᠡᠢ ᠪᠦᠲᠦᠭᠡᠭᠳᠡᠬᠦᠨ ᠢ ᠭᠠᠳᠠᠭᠰᠢ ᠭᠠᠷᠭᠠᠬᠤ︾ ᠵᠡᠷᠭᠡ | ᠠᠵᠠ ᠲᠣᠬᠢᠶᠠᠯ ᠢ ᠭᠦᠢᠴᠡᠳ ᠠᠰᠢᠭᠯᠠᠨ᠂ ᠣᠯᠠᠨ ᠠᠷᠭ᠎ᠠ ᠬᠡᠮᠵᠢᠶ᠎ᠡ ᠬᠡᠷᠡᠭᠯᠡᠵᠦ᠂ ᠬᠥᠬᠡᠬᠤᠲᠠ ᠶᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ︽ᠭᠠᠳᠠᠭᠰᠢ ᠭᠠᠷᠬᠤ︾ ᠶᠢ ᠣᠯᠠᠨ ᠠᠷᠭ᠎ᠠ ᠵᠠᠮ ᠢᠶᠠᠷ ᠲᠠᠨᠢᠯᠴᠠᠭᠤᠯᠤᠨ᠎ᠠ᠃ ᠡᠭᠦᠨ ᠤ ᠬᠠᠮᠲᠤ᠂ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠡᠪᠴᠢᠭᠦᠯᠦᠭᠦᠷ ᠤᠨ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠰᠦᠯᠵᠢᠶᠡᠨ ᠤ ᠲᠥᠷᠥᠯ ᠲᠡᠮᠳᠡᠭᠲᠦ︾ ︽ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠬᠤ ᠰᠣᠳᠣᠨ︾ ᠢ | ᠪᠣᠶᠢᠵᠢᠭᠤᠯᠤᠨ ᠨᠡᠪᠴᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠠᠴᠠ ᠠᠵᠤ ᠠᠬᠤᠶᠢᠯᠠᠯ ᠳᠠᠭᠠᠨ ᠬᠢᠯᠢ ᠶᠢᠨ ᠭᠠᠳᠠᠨ᠎ᠠ ᠲᠠᠸᠠᠷ ᠤᠨ | ᠲᠡᠮᠳᠡᠭ ᠳᠠᠩᠰᠠᠯᠠᠭᠤᠯᠬᠤ᠂ ᠰᠢᠰᠲ᠋ᠧᠮᠵᠢ ᠶᠢᠨ ᠭᠡᠷᠡᠴᠢᠯᠡᠭᠡ ᠬᠢᠯᠭᠡᠬᠦ ᠶᠢ ᠬᠥᠲᠥᠯᠥᠨ ᠵᠢᠯᠤᠭᠤᠳᠴᠤ ᠳᠡᠮᠵᠢᠵᠦ᠂ ᠲᠥᠷᠥᠯ ᠲᠡᠮᠳᠡᠭᠲᠦ ᠶᠢᠨ ᠭᠠᠳᠠᠭᠠᠳᠤ ᠳᠠᠬᠢ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠭᠤᠷᠪᠠ︶ ᠣᠯᠠᠨ ᠲᠠᠰ ᠳᠠᠪᠬᠤᠷᠭ᠎ᠠ ᠶᠢᠨ ᠠᠷᠠᠯᠵᠢᠶ᠎ᠠ ᠬᠤᠳᠠᠯᠳᠤᠭᠠᠨ ᠤ ᠲᠣᠣᠷ ᠢ ᠲᠡᠭᠦᠯᠳᠡᠷᠵᠢᠭᠦᠯᠦᠨ᠎ᠡ | 1. ᠬᠤᠳᠠᠯᠳᠤᠭᠠᠨ ᠤ ᠲᠣᠭᠤᠷᠢᠭ ᠤᠨ ᠪᠠᠶᠢᠷᠢᠰᠢᠭᠤᠯᠤᠯᠲᠠ ᠲᠥᠯᠦᠪᠵᠢᠭᠦᠯᠭᠡ ᠶᠢ ᠰᠢᠯᠢᠳᠡᠭᠵᠢᠭᠦᠯᠦᠨ᠎ᠡ᠃ ᠵᠥᠩ ᠱᠠᠨ ᠵᠠᠮ᠂ ᠠᠶᠠᠨᠴᠢᠳ ᠤᠨ ᠵᠡᠭᠦᠨ | ᠥᠷᠲᠡᠭᠡ ᠬᠤᠶᠠᠷ ᠲᠣᠮᠣ ᠬᠤᠳᠠᠯᠳᠤᠭᠠᠨ ᠤ ᠲᠥᠪ ᠲᠣᠭᠤᠷᠢᠭ ᠪᠠ ᠰᠢᠯᠢ ᠶᠢᠨ ᠭᠤᠣᠯ ᠡᠮᠦᠨ᠎ᠡ ᠵᠠᠮ ᠤᠨ ᠺᠠᠢ ᠳ᠋ᠧ ᠲᠠᠯᠠᠪᠠᠶ᠂ ᠳ᠋ᠦᠩ ᠶᠢᠩ ᠡᠮᠦᠨ᠎ᠡ ᠵᠠᠮ ᠤᠨ | ᠮᠣᠶᠢᠯ ᠬᠤᠲᠠ᠂ ᠴᠢᠩᠭᠢᠰ ᠬᠠᠭᠠᠨ ᠶᠡᠭᠡ ᠵᠡᠭᠡᠯᠢ ᠶᠢᠨ ᠪᠢᠨ ᠬᠠᠢ ᠲᠠᠯᠠᠪᠠᠶ᠂ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠲᠠᠯᠠᠪᠠᠶ ᠵᠡᠷᠭᠡ ᠲᠠᠪᠤᠨ ᠲᠣᠮᠣ | ᠬᠤᠳᠠᠯᠳᠤᠭᠠᠨ ᠤ ᠲᠣᠭᠤᠷᠢᠭ ᠢᠶᠠᠷ ᠭᠤᠣᠯᠳᠠᠯᠭ᠎ᠠ ᠪᠣᠯᠭᠠᠭᠰᠠᠨ ︽ᠬᠤᠶᠠᠷ ᠲᠥᠪ ᠲᠠᠪᠤᠨ ᠴᠠᠭᠠᠷᠢᠭ︾ ᠤᠨ ᠬᠤᠲᠠ ᠶᠢᠨ ᠬᠤᠳᠠᠯᠳᠤᠭᠠᠨ ᠤ ᠬᠥᠭᠵᠢᠯᠲᠡ ᠶᠢᠨ | ᠪᠠᠶᠢᠷᠢᠰᠢᠯ ᠤᠨ ᠵᠡᠷᠭᠡ ᠲᠠᠰ ᠢ ᠳᠡᠪᠰᠢᠭᠦᠯᠦᠨ᠎ᠡ᠃ ᠬᠤᠲᠠ ᠶᠢᠨ ᠡᠮᠦᠨᠡᠬᠢ ᠸᠠᠨ ᠳ᠋ᠠ ᠲᠠᠯᠠᠪᠠᠢ᠂ ᠬᠤᠸᠠ ᠷᠦᠨ ᠸᠠᠨ ᠰᠢᠶᠠᠩ ᠴᠧᠩ ᠵᠡᠷᠭᠡ ᠨᠢᠭᠡ ᠪᠦᠯᠦᠭ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠠᠬᠢᠭᠤᠯᠵᠤ᠂ ᠰᠢᠨ᠎ᠡ ᠬᠠᠭᠤᠴᠢᠨ ᠬᠤᠳᠠᠯᠳᠤᠭᠠᠨ ᠤ | ᠲᠣᠭᠤᠷᠢᠭ ᠤᠨ ᠣᠷᠣᠨ ᠵᠠᠢ ᠶᠢᠨ ᠪᠠᠶᠢᠷᠢᠰᠢᠯ ᠵᠦᠢ ᠵᠣᠬᠢᠰᠲᠠᠢ᠂ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠪᠦᠷᠢᠨ ᠭᠦᠢᠴᠡᠳ᠂ ᠴᠢᠳᠠᠪᠤᠷᠢ ᠪᠠᠨ | ᠬᠠᠷᠢᠯᠴᠠᠨ ᠨᠥᠬᠦᠪᠦᠷᠢᠯᠡᠭᠰᠡᠨ᠂ ᠵᠣᠬᠢᠬᠤ ᠬᠡᠮᠵᠢᠶ᠎ᠡ ᠪᠠᠷ ᠲᠥᠪᠯᠡᠷᠡᠭᠰᠡᠨ᠂ ᠬᠤᠳᠠᠯᠳᠤᠭᠠᠨ ᠤ ᠲᠥᠪ᠂ ᠬᠤᠳᠠᠯᠳᠤᠭᠠᠨ ᠤ ᠵᠡᠭᠡᠯᠢ᠂ ᠲᠤᠰᠬᠠᠢ ᠡᠵᠡᠩᠨᠡᠯᠲᠡ ᠶᠢᠨ | ᠳᠡᠯᠭᠡᠭᠦᠷ ᠵᠡᠷᠭᠡ ᠬᠤᠳᠠᠯᠳᠤᠭᠠᠨ ᠤ ᠪᠡᠯᠡᠳᠬᠡᠮᠵᠢ ᠲᠡᠩᠴᠡᠭᠦᠷᠢᠲᠡᠢ ᠲᠠᠷᠬᠠᠭᠰᠠᠨ ᠭᠤᠣᠯ ᠬᠤᠲᠠ ᠶᠢᠨ ᠲᠣᠭᠤᠷᠢᠭ ᠤᠨ ᠬᠤᠳᠠᠯᠳᠤᠭᠠᠨ ᠤ ᠲᠣᠭᠤᠷᠢᠭ ᠤᠨ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ | ᠬᠠᠷᠢᠭᠤᠴᠠᠨ᠎ᠠ︶ | 2. ᠬᠤᠲᠠ ᠶᠢᠨ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠢ ᠪᠠᠶᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠠᠢ ᠵᠡᠭᠡᠯᠢ | ᠲᠣᠭᠤᠷᠢᠭ ᠲᠠᠢ ᠬᠠᠷᠢᠴᠠᠭᠤᠯᠤᠨ᠂ ᠪᠣᠭᠤᠮᠲᠠ ᠶᠢᠨ ᠬᠠᠭᠤᠴᠢᠨ ᠵᠡᠭᠡᠯᠢ ᠶᠢᠨ ᠶᠠᠪᠠᠭᠠᠨ ᠵᠡᠭᠡᠯᠢ᠂ ᠤᠰᠤᠨ ᠡᠷᠭᠢ ᠶᠢᠨ ᠰᠡᠯᠡᠭᠦᠴᠡᠯ ᠵᠡᠭᠡᠯᠢ᠂ ᠭᠠᠵᠠᠷ ᠳᠣᠣᠷᠠᠬᠢ | ᠲᠡᠮᠦᠷ ᠵᠠᠮ ᠤᠨ ᠰᠦᠯᠵᠢᠶᠡᠨ ᠤ ᠰᠣᠳᠣᠨ ᠵᠡᠭᠡᠯᠢ ᠵᠡᠷᠭᠡ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠢ ᠪᠦᠲᠦᠭᠡᠨ ᠪᠠᠶᠢᠭᠤᠯᠬᠤ ᠪᠠ ᠥᠭᠡᠷᠡᠴᠢᠯᠡᠨ | ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠤᠨ᠎ᠠ᠃ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ | ᠨᠥᠬᠦᠴᠡᠯ ᠲᠠᠢ ᠬᠤᠳᠠᠯᠳᠤᠭᠠᠨ ᠤ ᠵᠡᠭᠡᠯᠢ ᠲᠣᠭᠤᠷᠢᠭ ᠤᠯᠤᠰ᠂ ᠥᠪᠡᠷᠲᠡᠭᠡᠨ ᠵᠠᠰᠠᠬᠤ ᠣᠷᠣᠨ ᠤ ᠶᠠᠪᠠᠭᠠᠨ ᠵᠡᠭᠡᠯᠢ ᠶᠢ ᠥᠭᠡᠷᠡᠴᠢᠯᠡᠨ ᠰᠠᠶᠢᠵᠢᠷᠠᠭᠤᠯᠬᠤ | ᠲᠤᠷᠰᠢᠯᠲᠠ ᠶᠢᠨ ᠵᠡᠭᠡᠯᠢ ᠲᠣᠭᠤᠷᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 3. ︽ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ ᠪᠠᠶᠢᠭᠤᠯᠤᠨ᠎ᠠ᠃ ︽ ᠠᠷᠠᠳ ᠲᠤ ᠲᠥᠬᠦᠮ | ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠤᠨ ᠲᠤᠷᠰᠢᠯᠲᠠ ᠶᠢᠨ ᠬᠤᠲᠠ ᠶᠢ ᠡᠭᠦᠳᠦᠨ ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠨ | ᠮᠡᠳᠡᠭᠦᠯᠦᠨ᠎ᠡ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠣᠣᠷ ᠴᠡᠭ ᠤᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠰᠢᠨ᠎ᠡ ᠰᠣᠷᠭᠤᠭ ᠢᠳᠡᠭᠡᠨ ᠤ ᠬᠡᠳᠦ ᠳᠡᠯᠭᠡᠭᠦᠷ᠂ ᠨᠡᠶᠢᠭᠡᠮ ᠲᠣᠭᠤᠷᠢᠭ ᠤᠨ ᠢᠳᠡᠰᠢᠨ ᠨᠣᠭᠤᠭ᠎ᠠ ᠶᠢᠨ ᠳᠡᠯᠭᠡᠭᠦᠷ ᠵᠡᠷᠭᠡ | ᠦᠨᠳᠦᠰᠦᠨ ᠪᠠᠲᠤᠯᠠᠭ᠎ᠠ ᠶᠢᠨ ᠲᠥᠷᠥᠯ ᠤᠨ ᠡᠵᠡᠩᠨᠡᠯᠲᠡ ᠶᠢᠨ ᠬᠡᠯᠪᠡᠷᠢ ᠶᠢᠨ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ ᠲᠣᠭᠤᠷᠢᠭ ᠤᠨ ᠬᠡᠷᠡᠭᠯᠡᠭᠡᠨ ᠤ | ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠤᠯᠠᠮᠵᠢᠯᠠᠯᠲᠤ ᠬᠤᠳᠠᠯᠳᠤᠭᠠᠨ ᠤ ᠠᠴᠢᠶᠠᠯᠠᠪᠤᠷᠢ ᠶᠢ ᠥᠭᠡᠷᠡᠴᠢᠯᠡᠨ ᠰᠠᠶᠢᠵᠢᠷᠠᠭᠤᠯᠵᠤ᠂ ᠠᠷᠠᠳ ᠲᠤ ᠲᠥᠬᠦᠮ | ᠦᠵᠡᠭᠦᠯᠬᠦ ᠠᠮᠢᠳᠤᠷᠠᠯ ᠤᠨ ᠲᠣᠭᠤᠷᠢᠭ ᠤᠨ ᠡᠷᠬᠢᠨ ᠲᠣᠭᠤᠷᠢᠨ ᠤ ᠤᠯᠠᠮᠵᠢᠯᠠᠯᠲᠤ ᠬᠤᠳᠠᠯᠳᠤᠭᠠᠨ ᠤ ᠲᠠᠯᠠᠪᠤᠷ ᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ | ᠲᠥᠪ ᠳᠠᠰᠢ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠵᠢᠯᠤᠭᠤᠳᠴᠤ᠂ ᠣᠨᠴᠠᠯᠢᠭᠲᠤ ᠢᠳᠡᠭᠡᠨ ᠤᠮᠳᠠᠭᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ | ᠪᠡᠶ᠎ᠡ ᠴᠢᠭᠢᠷᠠᠭᠵᠢᠭᠤᠯᠬᠤ᠂ ᠰᠦᠯᠵᠢᠶᠡᠨ ᠤ ᠰᠣᠳᠣᠨ ᠨᠣᠮ ᠤᠨ ᠳᠡᠯᠭᠡᠭᠦᠷ ᠵᠡᠷᠭᠡ ᠰᠡᠯᠡᠭᠦᠴᠡᠯ ᠤᠨ ᠲᠥᠷᠥᠯ ᠤᠨ ᠠᠷᠠᠳ ᠲᠤ ᠲᠥᠬᠦᠮ ᠦᠵᠡᠭᠦᠯᠬᠦ | ᠬᠡᠷᠡᠭᠯᠡᠭᠡᠨ ᠤ ᠲᠠᠯᠠᠪᠤᠷ ᠢ ᠲᠦᠷᠭᠡᠨ ᠪᠠᠶᠢᠷᠢᠰᠢᠭᠤᠯᠵᠤ᠂ ᠬᠤᠲᠠ ᠶᠢᠨ ︽ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ | ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠲᠠ ᠶᠢᠨ ᠬᠤᠳᠠᠯᠳᠤᠭᠠᠨ ᠤ ᠰᠢᠰᠲ᠋ᠧᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠬᠠᠮᠵᠢᠯᠴᠠᠨ᠎ᠠ︶ | 4. ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠶᠠᠨ ᠢᠶᠠᠷ ᠲᠥᠪ ᠪᠣᠯᠭᠠᠵᠤ᠂ ᠰᠢᠶᠠᠩ | ᠪᠠᠯᠭᠠᠰᠤ ᠪᠠᠷ ᠭᠤᠣᠯᠳᠠᠯᠭ᠎ᠠ ᠪᠣᠯᠭᠠᠵᠤ᠂ ᠲᠣᠰᠬᠤᠨ ᠢᠶᠠᠷ ᠰᠠᠭᠤᠷᠢ ᠪᠣᠯᠭᠠᠭᠰᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢ ᠲᠦᠷᠭᠡᠨ | ᠪᠠᠶᠢᠭᠤᠯᠤᠨ᠎ᠠ᠃ ᠴᠢᠨᠠᠷ ᠰᠠᠶᠢᠲᠠᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠡᠬᠢ ᠪᠠᠶᠠᠯᠢᠭ ᠢ ᠰᠢᠶᠠᠩ ᠪᠠᠯᠭᠠᠰᠤ᠂ ᠬᠥᠳᠡᠭᠡ ᠲᠣᠰᠬᠤᠨ ᠲᠡᠰᠢ ᠳᠣᠷᠣᠭᠰᠢ | ᠪᠠᠭᠤᠯᠭᠠᠬᠤ ᠶᠢ ᠲᠦᠯᠬᠢᠨ ᠠᠬᠢᠭᠤᠯᠵᠤ᠂ ᠰᠢᠶᠠᠩ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ ᠲᠥᠪ ᠢ ᠥᠭᠡᠷᠡᠴᠢᠯᠡᠨ ᠲᠡᠰ ᠳᠡᠪᠰᠢᠭᠦᠯᠵᠦ᠂ ᠠᠮᠢᠳᠤᠷᠠᠯ ᠤᠨ | ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ᠂ ᠬᠥᠳᠡᠭᠡ ᠲᠣᠰᠬᠤᠨ ᠤ ᠬᠤᠳᠠᠯᠳᠤᠭᠠᠨ ᠤ ᠵᠢᠷᠤᠮᠵᠢᠭᠰᠠᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠡᠯᠧᠺᠲᠷᠣᠨ ᠬᠤᠳᠠᠯᠳᠤᠭᠠᠨ ᠤ ᠬᠥᠳᠡᠭᠡ ᠲᠣᠰᠬᠤᠨ ᠳᠤ ᠣᠷᠣᠬᠤ ᠪᠦᠷᠬᠦᠴᠡ ᠶᠢ ᠥᠷᠭᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢ ᠶᠠᠪᠤᠬᠤ | ᠠᠷᠭ᠎ᠠ ᠵᠠᠮ ᠢ ᠰᠢᠯᠢᠳᠡᠭᠵᠢᠭᠦᠯᠦᠨ ᠥᠷᠭᠡᠳᠬᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠳᠣᠷᠣᠭᠰᠢ ᠪᠠᠭᠤᠬᠤ ᠠᠷᠭ᠎ᠠ ᠵᠠᠮ ᠢ ᠦᠷᠭᠦᠯᠵᠢᠯᠡᠨ ᠰᠠᠭᠠᠳ | ᠦᠭᠡᠢ ᠨᠠᠪᠲᠠᠷᠡᠭᠦᠯᠵᠦ᠂ ᠰᠢᠶᠠᠨ᠂ ᠰᠢᠶᠠᠩ᠂ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠪᠠ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠨ᠎ᠠ︶ | ︵ᠳᠥᠷᠪᠡ︶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠤᠪᠢᠷᠠᠭᠤᠯᠤᠨ ᠲᠠᠰ ᠳᠡᠪᠰᠢᠭᠦᠯᠦᠨ᠎ᠡ | 1. ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠶᠢ ᠡᠭᠦᠳᠦᠨ ᠵᠢᠷᠤᠮ ᠲᠠᠢ ᠬᠥᠭᠵᠢᠬᠦ ᠶᠢ ᠳᠡᠮᠵᠢᠨ᠎ᠡ᠃ ᠶᠢᠨ ᠴᠢᠶᠣᠤ᠂ ᠶᠢᠨ ᠴᠤᠸᠠᠨ ᠤ | ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠵᠦ ᠳᠡᠰ ᠳᠡᠪᠰᠢᠬᠦ ᠳᠤ ᠲᠤᠰᠠᠯᠠᠵᠤ᠂ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠢᠭᠤᠳ ᠨᠡᠪᠲᠡᠷᠡᠭᠦᠯᠭᠡ ᠪᠠᠷ ᠡᠵᠡᠩᠨᠡᠨ ᠪᠣᠷᠣᠯᠠᠭᠤᠯᠬᠤ᠂ ᠲᠥᠷᠥᠯ ᠲᠡᠮᠳᠡᠭᠲᠦ ᠶᠢ | ᠬᠥᠮᠥᠵᠢᠭᠦᠯᠬᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠦᠢᠯᠡᠳᠦᠯ ᠪᠠ ᠳᠠᠪᠠᠭᠤᠯᠢᠭ ᠢᠶᠠᠨ ᠪᠠᠳᠠᠷᠠᠭᠤᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ︽ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ | ᠪᠠᠷᠠᠭᠠᠨ ᠤ ᠪᠠᠶᠠᠷ︾ ︽ᠲᠥᠷᠥᠯ ᠲᠡᠮᠳᠡᠭᠲᠦ ᠪᠠ ᠶᠠᠰᠤ ᠴᠢᠨᠠᠷ ᠲᠠᠢ ᠪᠠᠷᠠᠭ᠎ᠠ ᠶᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠪᠠᠶᠠᠷ︾ ᠵᠡᠷᠭᠡ ᠪᠠᠷ | ᠬᠡᠷᠡᠭᠯᠡᠭᠡ ᠶᠢ ᠠᠬᠢᠭᠤᠯᠬᠤ ᠦᠢᠯᠡᠳᠦᠯᠴᠡᠯ ᠢ ᠡᠷᠭᠢᠯᠡᠵᠦ᠂ ᠮᠠᠨ ᠤ ᠬᠤᠲᠠ ᠶᠢᠨ ︽ᠴᠡᠯᠡᠭᠡᠷ ᠲᠠᠯ᠎ᠠ ᠶᠢᠨ ᠥᠨᠥᠷ ᠠᠮᠲᠠ︾ ᠴᠢᠨᠠᠷ ᠰᠠᠶᠢᠲᠠᠢ ᠲᠠᠷᠢᠶᠠᠯᠠᠩ ᠤᠨ | ᠣᠨᠴᠠ ᠭᠠᠷᠤᠯᠲᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠦᠨᠵᠡᠭᠡᠢ ᠠᠭᠤᠰᠤᠯᠴᠠᠭᠤᠯᠤᠨ ᠪᠣᠷᠣᠯᠠᠭᠤᠯᠬᠤ ᠶᠢ ᠲᠦᠯᠬᠢᠨ ᠠᠬᠢᠭᠤᠯᠵᠤ᠂ ᠮᠠᠨ ᠤ | ᠬᠤᠲᠠ ᠶᠢᠨ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭ᠎ᠠ᠂ ᠨᠡᠶᠢᠭᠡᠮ ᠤᠨ ᠬᠠᠷᠢᠯᠴᠠᠭᠠᠨ ᠤ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠬᠥᠳᠡᠯᠭᠡᠭᠴᠢ | ᠡᠨᠧᠷᠭᠢ ᠶᠢ ᠪᠤᠵᠠᠭᠠᠶᠢᠷᠠᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 2. ᠪᠣᠳᠠᠲᠤ ᠴᠣᠭᠴᠠ ᠶᠢᠨ ᠬᠤᠳᠠᠯᠳᠤᠭᠠᠨ ᠤ ᠲᠣᠭᠠᠴᠢᠯᠠᠭᠰᠠᠨ ᠲᠡᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠪᠣᠳᠠᠲᠤ | ᠴᠣᠭᠴᠠ ᠶᠢᠨ ᠬᠤᠳᠠᠯᠳᠤᠭᠠᠨ ᠤ ᠲᠡᠷᠢᠭᠦᠨ ᠤ ᠮᠡᠷᠭᠡᠵᠢᠯ ᠢ ᠢᠳᠡᠪᠬᠢᠲᠡᠢ ᠬᠡᠷᠡᠭᠯᠡᠨ ᠠᠵᠤ ᠠᠬᠤᠶᠢᠯᠠᠯ ᠤᠨ ᠲᠣᠭᠠᠴᠢᠯᠠᠭᠰᠠᠨ ᠲᠡᠰᠢ ᠬᠡᠯᠪᠡᠷᠢ ᠪᠠᠨ | ᠬᠤᠪᠢᠷᠠᠭᠤᠯᠬᠤ ᠠᠯᠬᠤᠴᠠ ᠪᠠᠨ ᠲᠦᠷᠭᠡᠳᠬᠡᠵᠦ᠂ ᠲᠣᠭᠠᠴᠢᠯᠠᠭᠰᠠᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠪᠠᠷᠢᠮᠵᠢᠶᠠᠵᠢᠭᠰᠠᠨ᠂ ᠪᠦᠬᠦ | ᠲᠥᠷᠥᠯ ᠵᠦᠢᠯ ᠤᠨ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ︽ᠳᠡᠯᠭᠡᠭᠦᠷ ᠲᠤ ᠬᠦᠷᠬᠦ︾ ᠪᠠ ︽ᠭᠡᠷ ᠲᠤᠨᠢ ᠬᠦᠷᠬᠦ︾ ᠬᠤᠣᠰ | ᠴᠢᠭᠯᠡᠯ ᠤᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ ᠬᠥᠭᠵᠢᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠵᠦᠩ ᠱᠠᠨ ᠪᠠᠷᠠᠭᠤᠨ | ᠵᠠᠮ ᠤᠨ ᠬᠤᠳᠠᠯᠳᠤᠭᠠᠨ ᠤ ᠲᠣᠭᠤᠷᠢᠭ᠂ ᠠᠶᠠᠨᠴᠢᠳ ᠤᠨ ᠵᠡᠭᠦᠨ ᠦᠷᠳᠡᠭᠡ ᠶᠢᠨ ᠬᠤᠳᠠᠯᠳᠤᠭᠠᠨ ᠤ ᠲᠣᠭᠤᠷᠢᠭ᠂ ᠪᠣᠭᠤᠮᠲᠠ ᠶᠢᠨ ᠬᠠᠭᠤᠴᠢᠨ ᠵᠡᠭᠡᠯᠢ ᠶᠢᠨ | ᠶᠠᠪᠠᠭᠠᠨ ᠵᠡᠭᠡᠯᠢ ᠵᠡᠷᠭᠡ ᠳᠤ ᠣᠶᠤᠨᠲᠤ ᠬᠤᠳᠠᠯᠳᠤᠭᠠᠨ ᠤ ᠲᠣᠭᠤᠷᠢᠭ ︵ᠵᠡᠭᠡᠯᠢ ᠲᠣᠭᠤᠷᠢᠭ︶ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠲᠡᠮᠦᠷᠯᠢᠭ ᠮᠠᠰᠢᠨ | ᠴᠠᠬᠢᠯᠭᠠᠨ᠂ ᠮᠠᠰᠢᠨ ᠲᠡᠷᠭᠡ ᠵᠡᠷᠭᠡ ᠲᠥᠷᠥᠯ ᠤᠨ ᠲᠠᠸᠠᠷ ᠤᠨ ᠵᠠᠬ᠎ᠠ ᠳᠡᠯᠭᠡᠭᠦᠷ ᠢ ᠬᠥᠲᠥᠯᠥᠨ ᠵᠢᠯᠤᠭᠤᠳᠴᠤ ︽ᠵᠠᠬ᠎ᠠ ᠳᠡᠯᠭᠡᠭᠦᠷ + ᠲᠠᠪᠴᠠᠩ + | ᠦᠢᠯᠡᠴᠢᠯᠡᠭᠡ︾ ᠶᠢᠨ ᠵᠠᠭᠪᠤᠷ ᠢ ᠬᠡᠷᠡᠭᠵᠢᠭᠦᠯᠵᠦ᠂ ᠲᠠᠸᠠᠷ ᠬᠤᠳᠠᠯᠳᠤᠨ ᠠᠪᠬᠤ᠂ ᠬᠡᠷᠡᠭᠯᠡᠬᠦ᠂ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ | ᠬᠡᠷᠡᠭᠯᠡᠭᠡᠨ ᠠᠴᠠ ᠭᠠᠷᠭᠠᠬᠤ ᠵᠡᠷᠭᠡ ᠡᠯ᠎ᠡ ᠭᠤᠭᠴᠤᠭ᠎ᠠ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠂ ᠣᠶᠤᠨᠴᠢ ᠬᠡᠷᠡᠭᠯᠡᠭᠡᠨ ᠤ ᠣᠶᠢᠯᠠᠭᠠᠯᠲᠠ ᠶᠢ | ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠬᠠᠮᠵᠢᠯᠴᠠᠨ᠎ᠠ︶ | 3. ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠭᠠᠵᠠᠷ ᠣᠷᠣᠨ ᠤ | ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠳᠤᠭᠠᠴᠠᠯᠠᠭᠰᠠᠨ ᠮᠡᠷᠭᠡᠵᠢᠯ ᠬᠢᠭᠡᠳ ᠦᠢᠯᠡᠴᠢᠯᠡᠭᠡ ᠶᠢ ᠬᠥᠳᠡᠭᠡ ᠲᠣᠰᠬᠤᠨ ᠤ | ᠭᠦᠢᠯᠭᠡᠭᠡᠨ ᠤ ᠬᠦᠷᠢᠶᠡᠨ ᠳᠤ ᠭᠦᠨᠵᠡᠭᠡᠢ ᠬᠡᠷᠡᠭᠯᠡᠬᠦ ᠶᠢ ᠲᠦᠯᠬᠢᠨ ᠠᠬᠢᠭᠤᠯᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠪᠠ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠦᠷᠭᠡᠨ | ᠨᠠᠪᠲᠠᠷᠡᠭᠦᠯᠵᠦ᠂ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠪᠠ ᠲᠣᠰᠬᠤᠨ ᠳᠤ ᠬᠦᠷᠬᠦ ᠪᠠᠷᠠᠭᠠᠨ ᠤ ᠭᠦᠢᠯᠭᠡᠭᠡᠨ ᠤ | ᠦᠷᠳᠡᠭᠡ ᠴᠡᠭ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠪᠡᠶᠡᠴᠢ ᠴᠣᠭᠴᠠ ᠶᠢ ᠪᠣᠶᠢᠵᠢᠭᠤᠯᠬᠤ | ᠪᠠ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠪᠣᠯᠪᠠᠰᠤᠷᠠᠭᠤᠯᠤᠯ ᠢ ᠴᠢᠩᠭᠠᠳᠬᠠᠨ᠎ᠠ᠃ ᠪᠣᠳᠠᠲᠤ ᠬᠦᠴᠦᠨ ᠲᠠᠢ ᠡᠯᠧᠺᠲᠷᠣᠨ ᠬᠤᠳᠠᠯᠳᠤᠭ᠎ᠠ᠂ ᠲᠦᠷᠭᠡᠨ | ᠬᠦᠷᠭᠡᠯᠲᠡ ᠪᠠ ᠬᠡᠯᠬᠢᠶ᠎ᠡ ᠭᠦᠢᠯᠭᠡᠭᠡᠨ ᠤ ᠠᠵᠤ ᠠᠬᠤᠶᠢᠯᠠᠯ ᠤᠨ ᠬᠥᠳᠡᠭᠡ ᠲᠣᠰᠬᠤᠨ ᠳᠤ ᠬᠠᠩᠭᠠᠯᠭ᠎ᠠ ᠶᠢᠨ ᠬᠡᠯᠬᠢᠶ᠎ᠡ ᠪᠠᠨ ᠪᠠᠭᠤᠯᠭᠠᠬᠤ ᠶᠢ ᠲᠡᠮᠵᠢᠵᠤ᠂ | ᠬᠥᠳᠡᠭᠡ ᠲᠣᠰᠬᠤᠨ ᠤ ᠬᠡᠷᠡᠭᠯᠡᠭᠡᠨ ᠤ ᠬᠡᠷᠡᠭᠴᠡᠭᠡ ᠳᠤ ᠵᠣᠬᠢᠴᠠᠭᠰᠠᠨ ᠤᠳᠤ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠬᠤᠳᠠ ᠳᠤ ᠣᠷᠣᠬᠤ᠂ ᠠᠵᠤ ᠦᠢᠯᠡᠳᠪᠦᠷᠢ ᠶᠢᠨ ᠦᠢᠯᠡᠳᠬᠦᠨ ᠬᠥᠳᠡᠭᠡ ᠪᠠᠭᠤᠬᠤ ᠦᠷ᠎ᠡ ᠪᠦᠲᠦᠮᠵᠢ ᠶᠢ | ᠦᠨᠡᠨᠬᠦ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠨ᠎ᠠ︶ | 4. ᠭᠦᠢᠯᠭᠡᠭᠡᠨ ᠤ ᠬᠦᠷᠢᠶᠡᠨ ᠳᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠮᠠᠨ ᠤ ᠬᠤᠲᠠ ᠶᠢᠨ ᠬᠤᠲᠠ ᠶᠢᠨ ᠶᠡᠭᠡ ᠲᠠᠷᠢᠬᠢᠨ ᠤ | ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠥᠪᠥᠷ ᠮᠣᠩᠭᠤᠯ ᠤᠨ ᠠᠷᠠᠯᠵᠢᠶ᠎ᠠ ᠨᠡᠪᠲᠡᠷᠡᠬᠦ ᠲᠠᠪᠴᠠᠩ ᠢ ᠰᠠᠨᠠᠭᠠᠴᠢᠯᠠᠭ᠎ᠠ ᠠᠴᠠ ᠪᠠᠨ ᠵᠠᠯᠭᠠᠵᠤ᠂ ᠪᠠᠷᠠᠭᠠᠨ ᠤ | ᠭᠦᠢᠯᠭᠡᠭᠡᠨ᠂ ᠬᠠᠩᠭᠠᠯᠭ᠎ᠠ ᠶᠢᠨ ᠬᠡᠯᠬᠢᠶ᠎ᠡ᠂ ᠵᠢᠵᠢᠭᠯᠡᠨ ᠬᠤᠳᠠᠯᠳᠤᠬᠤ ᠵᠡᠷᠭᠡ ᠡᠯ᠎ᠡ ᠲᠥᠷᠥᠯ ᠤᠨ ᠭᠦᠢᠯᠭᠡᠭᠡᠨ ᠤ ᠲᠤᠭ᠎ᠠ ᠪᠠᠷᠢᠮᠲᠠ ᠶᠢ ᠪᠥᠬᠦ ᠲᠠᠯ᠎ᠠ ᠪᠠᠷ | ᠨᠡᠶᠢᠳᠬᠡᠨᠡ᠃ ᠭᠦᠢᠯᠭᠡᠭᠡᠨ ᠤ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠨᠡᠭᠡᠭᠡᠯᠲᠡ ᠬᠢᠬᠦ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ᠂ ᠠᠵᠤ | ᠠᠬᠤᠶᠢᠯᠠᠯ᠂ ᠰᠤᠳᠤᠯᠭᠠᠨ ᠤ ᠪᠠᠶᠢᠭᠤᠯᠤᠮᠵᠢ ᠶᠢᠨ ᠬᠤᠭᠤᠷᠣᠨᠳᠣᠬᠢ ᠲᠤᠭ᠎ᠠ ᠪᠠᠷᠢᠮᠲᠠ ᠶᠢᠨ ᠭᠦᠢᠯᠭᠡᠭᠡ ᠪᠠ ᠬᠠᠮᠲᠤᠷᠠᠯᠴᠠᠭ᠎ᠠ ᠶᠢ ᠠᠬᠢᠭᠤᠯᠵᠤ᠂ ᠲᠤᠭ᠎ᠠ | ᠪᠠᠷᠢᠮᠲᠠ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷᠳᠡᠭ ᠢ ᠳᠡᠭᠡᠭᠰᠢᠯᠡᠭᠦᠯᠦᠨ᠎ᠡ᠃ ᠲᠤᠭ᠎ᠠ ᠪᠠᠷᠢᠮᠲᠠ ᠶᠢᠨ ᠠᠶᠤᠯᠭᠦᠢ ᠶᠢᠨ ᠪᠠᠲᠤᠯᠠᠭ᠎ᠠ ᠶᠢ | ᠴᠢᠩᠭᠠᠳᠬᠠᠵᠤ᠂ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠭᠦᠢᠯᠭᠡᠭᠡᠨ ᠤ ᠲᠣᠮᠣ ᠳ᠋ᠠᠶᠢᠲ᠋ᠠ ᠶᠢᠨ | ᠠᠶᠤᠯᠭᠦᠢ ᠴᠢᠨᠠᠷ ᠪᠠ ᠨᠢᠭᠤᠴᠠ ᠶᠢ ᠬᠠᠮᠠᠭᠠᠯᠠᠬᠤ ᠴᠢᠨᠠᠷ ᠢ ᠦᠨᠡᠨᠬᠦ ᠪᠠᠲᠤᠯᠠᠨ᠎ᠠ᠃ ︵ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠲᠠᠪᠤ︶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢᠨ ᠠᠮᠢ ᠠᠬᠤᠢ ᠶᠢ ᠪᠣᠢ ᠪᠣᠯᠭᠠᠨ᠎ᠠ | 1. ᠭᠦᠢᠯᠭᠡᠭᠡᠨ ᠤ ᠭᠤᠣᠯᠯᠠᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ᠎ᠡ᠃ ᠣᠷᠣᠨ ᠪᠦᠰᠡ ᠶᠢᠨ ᠥᠷᠢᠰᠦᠯᠳᠦᠬᠦ | ᠬᠦᠴᠦᠨ ᠲᠠᠢ ᠨᠢᠭᠡ ᠪᠦᠯᠦᠭ ᠭᠦᠢᠯᠭᠡᠭᠡᠨ ᠤ ᠭᠤᠣᠯᠯᠠᠭᠴᠢ ᠠᠵᠤ ᠠᠬᠤᠶᠢᠯᠠᠯ ᠢ ᠢᠳᠡᠪᠬᠢᠲᠡᠢ ᠪᠠᠷ ᠪᠣᠶᠢᠵᠢᠭᠤᠯᠵᠤ᠂ ᠠᠵᠤ ᠠᠬᠤᠶᠢᠯᠠᠯ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ᠂ ᠬᠥᠷᠥᠩᠭᠡ ᠶᠢᠨ ᠠᠵᠢᠯᠯᠠᠭᠠᠨ ᠵᠡᠷᠭᠡ ᠪᠠᠷ ᠳᠠᠮᠵᠢᠭᠤᠯᠤᠨ ᠡᠵᠡᠩᠨᠡᠯᠲᠡ ᠶᠢᠨ ᠲᠣᠣᠷ ᠢᠶᠠᠨ ᠥᠷᠭᠡᠳᠬᠡᠵᠦ᠂ ᠲᠥᠷᠥᠯ | ᠲᠡᠮᠳᠡᠭᠲᠦ ᠶᠢᠨ ᠬᠠᠮᠢᠶᠠᠷᠤᠯᠲᠠ ᠪᠠᠨ ᠴᠢᠩᠭᠠᠳᠬᠠᠨ᠂ ᠣᠷᠣᠨ ᠪᠦᠰᠡ ᠠᠯᠤᠰᠯᠠᠭᠰᠠᠨ ᠡᠵᠡᠩᠨᠡᠯᠲᠡ ᠶᠢᠨ ᠴᠢᠳᠠᠪᠤᠷᠢ ᠪᠠ ᠨᠥᠯᠥᠭᠡᠯᠡᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠠᠵᠢᠯ ᠲᠥᠷᠥᠯ ᠤᠨ ᠬᠥᠭᠵᠢᠯᠲᠡ ᠶᠢ ᠳᠠᠶᠢᠴᠢᠯᠠᠬᠤ ᠶᠢ ᠵᠣᠷᠢᠭᠵᠢᠭᠤᠯᠤᠨ᠎ᠠ᠃ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠬᠤᠰᠢᠭᠤ᠂ ᠰᠢᠶᠠᠨ᠂ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠬᠤ ᠶᠢ ᠳᠡᠮᠵᠢᠵᠦ᠂ ᠬᠤᠲᠠ ᠶᠢᠨ ᠳᠣᠲᠣᠷᠠᠬᠢ ᠭᠦᠢᠯᠭᠡᠭᠡᠨ ᠤ ᠠᠵᠤ ᠠᠬᠤᠶᠢᠯᠠᠯ ᠤᠨ ᠲᠡᠷᠢᠭᠦᠨ ᠤ ᠭᠦᠢᠯᠭᠡᠭᠡᠨ ᠤ ᠵᠠᠭᠪᠤᠷ᠂ ᠡᠵᠡᠩᠨᠡᠯᠲᠡ ᠶᠢᠨ | ᠣᠨᠣᠯᠵᠢᠬᠤᠨ ᠪᠠ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠨᠢᠭᠡ ᠪᠦᠯᠦᠭ ᠶᠡᠷᠦᠩᠬᠡᠶᠢᠯᠡᠭᠰᠡᠨ | ᠥᠷᠢᠰᠦᠯᠳᠦᠬᠦ ᠬᠦᠴᠦᠨ ᠲᠠᠢ ᠲᠣᠮᠣ ᠳᠤᠮᠳᠠ ᠬᠡᠯᠪᠡᠷᠢ ᠶᠢᠨ ᠭᠦᠢᠯᠭᠡᠭᠡᠨ ᠤ ᠠᠵᠤ ᠠᠬᠤᠶᠢᠯᠠᠯ ᠤᠨ ᠪᠦᠯᠦᠭᠯᠡᠯ ᠢ ᠪᠣᠶᠢᠵᠢᠭᠤᠯᠤᠨ᠎ᠠ᠃ ︵ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ᠂ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 2. ᠣᠷᠣᠨ ᠪᠦᠰᠡ ᠶᠢᠨ ᠣᠨᠴᠠᠯᠢᠭᠲᠤ ᠲᠥᠷᠥᠯ ᠲᠡᠮᠳᠡᠭᠲᠦ ᠶᠢᠨ ᠠᠵᠤ ᠠᠬᠤᠶᠢᠯᠠᠯ ᠰᠢᠯᠢᠳᠡᠭᠵᠢᠨ ᠨᠠᠷᠢᠯᠢᠭᠵᠢᠬᠤ ᠶᠢ ᠵᠣᠷᠢᠭᠵᠢᠭᠤᠯᠤᠨ᠎ᠠ᠃ | ᠨᠥᠯᠥᠭᠡᠯᠡᠬᠦ ᠬᠦᠴᠦᠨ ᠲᠠᠢ ᠣᠷᠣᠨ ᠨᠤᠲᠤᠭ ᠤᠨ ᠣᠨᠴᠠᠯᠢᠭᠲᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠳ ᠢ ᠪᠣᠶᠢᠵᠢᠭᠤᠯᠤᠨ᠂ | ᠣᠷᠣᠨ ᠨᠤᠲᠤᠭ ᠤᠨ ᠣᠨᠴᠠᠯᠢᠭᠲᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ | ᠪᠤᠵᠠᠭᠠᠶᠢᠷᠠᠭᠤᠯᠤᠨ ᠬᠦᠴᠦᠷᠬᠡᠭᠵᠢᠬᠦ ᠶᠢ ᠠᠬᠢᠭᠤᠯᠤᠨ᠂ ᠬᠠᠩᠭᠠᠯᠭ᠎ᠠ ᠶᠢᠨ ᠬᠡᠯᠬᠢᠶ᠎ᠡ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠦᠨ᠂ ᠲᠣᠰ ᠭᠠᠵᠠᠷ ᠤᠨ ᠵᠠᠬ᠎ᠠ ᠳᠡᠯᠭᠡᠭᠦᠷ ᠲᠤ ᠭᠦᠨᠵᠡᠭᠡᠢ ᠦᠨᠳᠦᠰᠦᠯᠡᠵᠦ᠂ ᠨᠥᠯᠥᠭᠡᠯᠡᠬᠦ ᠬᠡᠪᠴᠢᠶ᠎ᠡ ᠪᠠᠨ ᠦᠷᠭᠡᠳᠭᠡᠨ᠎ᠡ᠃ ᠨᠡᠷᠡᠳᠦ ᠠᠵᠤ | ᠠᠬᠤᠶᠢᠯᠠᠯ᠂ ᠨᠡᠷᠡᠳᠦ ᠳᠡᠯᠭᠡᠭᠦᠷ ᠤᠨ ᠭᠠᠳᠠᠭᠰᠢ ᠭᠠᠷᠴᠤ᠂ ᠣᠷᠣᠨ ᠤ ᠭᠠᠳᠠᠨᠠᠬᠢ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠬᠦ ᠶᠢ ᠵᠣᠷᠢᠭᠵᠢᠭᠤᠯᠤᠨ᠎ᠠ᠃ ᠣᠷᠣᠨ | ᠨᠤᠲᠤᠭ ᠤᠨ ᠣᠨᠴᠠᠯᠢᠭᠲᠤ ᠬᠤᠳᠠᠯᠳᠤᠭᠠᠨ ᠤ ᠲᠥᠷᠥᠯ ᠲᠡᠮᠳᠡᠭᠲᠦ ᠶᠢ ᠶᠡᠬᠡᠪᠡᠷ ᠪᠣᠶᠢᠵᠢᠭᠤᠯᠵᠤ᠂ ᠦᠨᠳᠦᠰᠦᠲᠡᠨ ᠤ ᠬᠤᠳᠠᠯᠳᠤᠭᠠᠨ ᠤ ᠲᠠᠯᠠᠪᠤᠷ᠂ ᠳ᠋ᠠ ᠲᠠᠩ | ᠡᠮ ᠤᠨ ᠦᠢᠯᠡᠰ ᠵᠡᠷᠭᠡ ᠪᠣᠳᠠᠲᠤ ᠬᠦᠴᠦᠨ ᠲᠠᠢ ᠠᠵᠤ ᠠᠬᠤᠶᠢᠯᠠᠯ ᠤᠨ ︽ᠳᠤᠮᠳᠠᠳᠤ ᠶᠢᠨ ᠬᠠᠭᠤᠴᠢᠨ ᠲᠥᠷᠥᠯ ᠲᠡᠮᠳᠡᠭᠲᠦ︾ ︽ᠥᠪᠥᠷ ᠮᠣᠩᠭᠤᠯ ᠤᠨ | ᠬᠠᠭᠤᠴᠢᠨ ᠲᠥᠷᠥᠯ ᠲᠡᠮᠳᠡᠭᠲᠦ︾ ᠶᠢ ᠭᠤᠶᠤᠴᠢᠯᠠᠨ ᠮᠡᠳᠡᠭᠦᠯᠬᠦ ᠪᠠ ᠳᠡᠯᠭᠡᠷᠡᠭᠦᠯᠬᠦ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠬᠥᠲᠥᠴᠢ ᠠᠵᠤ | ᠠᠬᠤᠶᠢᠯᠠᠯ ᠤᠨ ᠪᠠᠷᠢᠮᠵᠢᠶ᠎ᠠ ᠮᠠᠶ᠋ᠢᠭ᠂ ᠲᠥᠷᠥᠯ ᠲᠡᠮᠳᠡᠭᠲᠦ ᠪᠠᠷ ᠬᠥᠭᠵᠢᠬᠦ ᠶᠢ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ | ᠶᠣᠰᠣᠭᠠᠷ ᠬᠤᠪᠢᠶᠠᠨ ᠬᠠᠷᠢᠭᠤᠴᠠᠨ᠎ᠠ︶ | 3. ᠳᠤᠮᠳᠠ ᠵᠢᠵᠢᠭ ᠪᠢᠴᠢᠯ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ | ᠨᠢᠭᠡ ᠪᠦᠯᠦᠭ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠪᠢᠴᠢᠯ ᠬᠡᠯᠪᠡᠷᠢ ᠶᠢᠨ ᠭᠦᠢᠯᠭᠡᠭᠡᠨ ᠤ ᠠᠵᠤ ᠠᠬᠤᠶᠢᠯᠠᠯ ᠢ ᠲᠡᠳᠬᠦᠨ ᠲᠡᠮᠵᠢᠵᠤ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠲᠠᠯᠳᠠ ᠬᠦᠴᠦᠨ ᠢᠶᠠᠨ ᠠᠭᠤᠳᠠᠯᠤᠨ ᠨᠠᠷᠢᠨ ᠬᠤᠪᠢᠶᠠᠵᠤ᠂ ᠥᠷᠢᠰᠦᠯᠳᠦᠭᠡᠨ ᠤ ᠥᠪᠡᠷᠮᠢᠴᠡ ᠳᠠᠪᠠᠭᠤᠯᠢᠭ ᠢ | ᠪᠣᠶᠢᠵᠢᠭᠤᠯᠤᠨ᠂ ᠨᠠᠷᠢᠯᠢᠭᠵᠢᠭᠰᠠᠨ᠂ ᠤᠯᠠᠨ ᠡᠰᠢᠵᠢᠭᠰᠡᠨ᠂ ᠴᠢᠨᠠᠷᠵᠢᠭᠰᠠᠨ ᠬᠥᠭᠵᠢᠯᠲᠡ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠲᠠᠪᠴᠠᠩ ᠤᠨ | ᠬᠡᠯᠪᠡᠷᠢ ᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠲᠣᠭᠠᠴᠢᠯᠠᠭᠰᠠᠨ ᠮᠡᠷᠭᠡᠵᠢᠯ ᠢ ᠠᠰᠢᠭᠯᠠᠨ ᠪᠡᠶ᠎ᠡ ᠪᠠᠨ ᠳᠠᠭᠠᠭᠠᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠳᠤᠮᠳᠠ ᠵᠢᠵᠢᠭ ᠠᠵᠤ | ᠠᠬᠤᠶᠢᠯᠠᠯ ᠲᠥᠪᠯᠡᠷᠡᠭᠦᠯᠦᠨ ᠬᠤᠳᠠᠯᠳᠤᠨ ᠠᠪᠴᠤ ᠲᠥᠪᠯᠡᠷᠡᠭᠦᠯᠦᠨ ᠲᠣᠬᠢᠷᠠᠭᠤᠯᠬᠤ᠂ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ᠂ ᠮᠡᠷᠭᠡᠵᠢᠯ ᠤᠨ ᠬᠠᠮᠢᠶᠠᠷᠤᠯᠲᠠ | ᠵᠡᠷᠭᠡ ᠬᠦᠷᠢᠶ᠎ᠡ ᠴᠠᠷᠠᠭ᠎ᠠ ᠶᠢᠨ ᠲᠤᠷᠰᠢᠯᠭ᠎ᠠ ᠪᠠᠨ ᠬᠤᠪᠢᠶᠠᠯᠴᠠᠬᠤ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠡᠮᠵᠢᠶ᠎ᠡ ᠶᠢ ᠪᠤᠵᠠᠭᠠᠶᠢᠷᠠᠭᠤᠯᠤᠨ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃ ︵ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠰᠢᠶᠠᠯ | ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠵᠢᠷᠭᠤᠭ᠎ᠠ︶ ᠳᠣᠲᠣᠭᠠᠳᠤ ᠭᠠᠳᠠᠭᠠᠳᠤ ᠠᠷᠠᠯᠵᠢᠶᠠᠨ ᠤ ᠭᠦᠢᠯᠭᠡᠭᠡᠨ ᠤ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠤᠨ᠎ᠠ | 1. ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠦᠨ᠎ᠡ᠃ ᠤᠯᠤᠰ ᠤᠨ ᠴᠢᠯᠦᠭᠡᠲᠦ ᠠᠷᠠᠯᠵᠢᠶ᠎ᠠ ᠶᠢᠨ ᠲᠤᠷᠰᠢᠯᠲᠠ ᠶᠢᠨ | ᠣᠷᠣᠨ ᠢ ᠭᠤᠶᠤᠴᠢᠯᠠᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠲᠠᠪᠴᠠᠩ ᠤᠨ ᠠᠬᠢᠭᠤᠯᠬᠤ ᠦᠢᠯᠡᠳᠦᠯ ᠢ ᠪᠠᠳᠠᠷᠠᠭᠤᠯᠤᠨ᠂ | ᠳᠣᠲᠣᠭᠠᠳᠤ ᠭᠠᠳᠠᠭᠠᠳᠤ ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠬᠠᠶᠢᠨ | ᠰᠦᠪᠡᠭᠴᠢᠯᠡᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠪᠠᠶᠢᠭᠤᠯᠤᠯ ᠲᠣᠭᠲᠠᠴᠠ ᠶᠢ ᠵᠣᠯᠭᠠᠭᠤᠯᠬᠤ ᠪᠠ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠵᠢᠵᠢᠭᠯᠡᠨ ᠪᠣᠷᠣᠯᠠᠭᠤᠯᠬᠤ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠠᠵᠢᠯᠯᠠᠭ᠎ᠠ ᠶᠢ | ᠵᠢᠷᠤᠮᠵᠢᠭᠤᠯᠤᠨ ᠡᠷᠡᠭᠦᠯ ᠢᠶᠠᠷ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠬᠢᠯᠢ ᠠᠯᠤᠰᠯᠠᠭᠰᠠᠨ ᠭᠤᠪᠢᠭᠤᠯᠤᠯᠭ᠎ᠠ ᠶᠢᠨ ᠪᠠᠷᠠᠭᠠᠨ ᠤ | ᠭᠦᠢᠯᠭᠡᠭᠡᠨ ᠤ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠳᠤ ᠬᠢᠯᠢ ᠠᠯᠤᠰᠯᠠᠭᠰᠠᠨ O2O ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠵᠤ᠂ | ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠤᠯᠤᠰ ᠤᠨ ᠳᠣᠲᠣᠭᠠᠳᠤ ᠶᠢᠨ ᠬᠡᠷᠡᠭᠯᠡᠭᠡ ᠶᠢ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ | ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠠᠶᠢᠬᠠᠨ ᠪᠣᠭᠤᠮᠲᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 2. ᠠᠵᠤ ᠠᠬᠤᠶᠢᠯᠠᠯ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠡᠵᠡᠩᠨᠡᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ | ᠱᠠᠲᠤᠨ ᠤ ᠳᠣᠲᠣᠷᠠᠬᠢ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠠᠵᠤ ᠠᠬᠤᠶᠢᠯᠠᠯ ᠢ ᠨᠠᠩ ᠣᠯᠠᠨ ᠪᠣᠶᠢᠵᠢᠭᠤᠯᠵᠤ᠂ ᠭᠠᠳᠠᠭᠠᠳᠤ | ᠠᠷᠠᠯᠵᠢᠶ᠎ᠠ ᠶᠢᠨ ᠲᠥᠷᠥ ᠶᠢᠨ ᠪᠣᠳᠣᠯᠭ᠎ᠠ ᠶᠢᠨ ᠪᠣᠳᠠᠲᠤ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ | ᠠᠷᠠᠯᠵᠢᠶᠠᠨ ᠤ ᠰᠢᠨ᠎ᠡ ᠠᠷᠭ᠎ᠠ ᠵᠠᠮ ᠨᠡᠭᠡᠭᠡᠬᠦ ᠶᠢ ᠳᠡᠮᠵᠢᠨ᠎ᠡ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ | ᠦᠢᠯᠡᠳᠦᠯ ᠢ ᠪᠠᠳᠠᠷᠠᠭᠤᠯᠵᠤ᠂ ᠨᠠᠩ ᠣᠯᠠᠨ ᠵᠢᠵᠢᠭ ᠪᠢᠴᠢᠯ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ | ᠳᠠᠶᠢᠴᠢᠯᠠᠨ᠎ᠠ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠮ ᠦᠵᠡᠰᠬᠦᠯᠡᠩ ᠤᠨ ᠠᠵᠢᠯᠯᠠᠭ᠎ᠠ ᠳᠤ | ᠢᠳᠡᠪᠬᠢᠲᠡᠢ ᠣᠷᠣᠯᠴᠠᠭᠤᠯᠵᠤ᠂ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠦᠵᠡᠰᠬᠦᠯᠡᠩ ᠤᠨ ᠴᠤᠭᠯᠠᠭᠠᠨ᠂ ᠬᠡᠷᠡᠭᠯᠡᠭᠡᠨ ᠤ ᠵᠦᠢᠯ ᠤᠨ | ᠦᠵᠡᠰᠬᠦᠯᠡᠩ ᠤᠨ ᠴᠤᠭᠯᠠᠭᠠᠨ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠵᠡᠷᠭᠡ ᠤᠯᠤᠰ ᠤᠨ ᠳᠣᠲᠣᠭᠠᠳᠤ ᠶᠢᠨ ᠭᠤᠣᠯᠳᠠᠯᠭ᠎ᠠ ᠲᠠᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠵᠡᠰᠬᠦᠯᠡᠩ ᠤᠨ ᠴᠤᠭᠯᠠᠭᠠᠨ ᠤ ᠠᠵᠠ ᠲᠣᠬᠢᠶᠠᠯ ᠢ ᠭᠦᠢᠴᠡᠳ ᠠᠰᠢᠭᠯᠠᠨ᠂ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠪᠣᠯᠣᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ | ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢᠨ ᠵᠣᠯᠭᠠᠯᠳᠤᠯ ᠢ ᠠᠬᠢᠭᠤᠯᠤᠨ᠎ᠠ᠃ ᠥᠪᠥᠷ ᠮᠣᠩᠭᠤᠯ ᠤᠨ ᠨᠠᠩ ᠣᠯᠠᠨ ᠪᠣᠬᠢᠷᠲᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠪᠥᠬᠦ ᠤᠯᠤᠰ ᠲᠤ ᠬᠠᠨᠳᠤᠬᠤ᠂ ᠳᠡᠯᠡᠬᠡᠢ ᠳᠤ ᠬᠠᠨᠳᠤᠬᠤ ᠶᠢ ᠠᠬᠢᠭᠤᠯᠵᠤ᠂ ᠪᠦᠲᠦᠭᠡᠭᠳᠡᠬᠦᠨ ᠤ ᠨᠡᠷ᠎ᠡ ᠠᠯᠳᠠᠷ ᠤᠨ | ᠬᠡᠮᠵᠢᠶ᠎ᠡ ᠪᠠ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠰᠠᠶᠢᠬᠠᠨ ᠪᠣᠭᠤᠮᠲᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ᠲᠠᠪᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠨ ᠬᠥᠭᠵᠢᠭᠦᠯᠦᠨ᠎ᠡ | ︵ᠨᠢᠭᠡ︶ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠣᠣᠷ ᠢ ᠪᠠᠶᠢᠭᠤᠯᠤᠨ᠎ᠠ | 1. ᠭᠤᠣᠯᠯᠠᠬᠤ ᠪᠠᠷᠠᠭᠠᠨ ᠤ ᠭᠦᠢᠯᠭᠡᠭᠡᠨ ᠤ ᠬᠦᠢᠰᠦ ᠶᠢ ᠲᠦᠷᠭᠡᠨ ᠪᠠᠶᠢᠭᠤᠯᠤᠨ᠎ᠠ᠃ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ | ᠬᠡᠯᠪᠡᠷᠢ ᠶᠢᠨ᠂ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠰᠢᠨ᠎ᠡ ᠨᠢᠰᠬᠡᠯ ᠤᠨ ᠪᠠᠭᠤᠳᠠᠯ ᠤᠨ | ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠢᠰᠦ ᠵᠢᠴᠢ ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠢ | ᠪᠦᠲᠦᠭᠡᠨ ᠪᠠᠶᠢᠭᠤᠯᠬᠤ ᠳᠤ ᠲᠦᠰᠢᠭᠯᠡᠨ᠂ ᠪᠥᠬᠦ ᠬᠤᠲᠠ ᠶᠢᠨ ᠣᠨᠴᠠ ᠲᠣᠭᠲᠠᠭᠰᠠᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠦᠴᠦᠨ ᠵᠦᠢᠯ ᠤᠨ ᠡᠬᠢ | ᠪᠠᠶᠠᠯᠢᠭ ᠢ ᠨᠡᠶᠢᠳᠬᠡᠵᠦ᠂ ᠰᠢᠯᠢᠳᠡᠭᠵᠢᠭᠦᠯᠵᠦ᠂ ᠲᠥᠪᠯᠡᠷᠡᠭᠦᠯᠵᠦ᠂ ︽ᠨᠡᠪᠲᠡᠷᠡᠬᠦ ᠵᠠᠮ + ᠬᠦᠢᠰᠦ + ᠰᠦᠯᠵᠢᠶ᠎ᠡ︾ ᠶᠢᠨ ᠣᠲᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠬᠤ ᠶᠢ ᠲᠤᠯᠭᠠᠭᠤᠷᠢᠯᠠᠬᠤ ᠶᠢᠨ ᠲᠣᠭᠤᠷᠢᠨ ᠳᠤ᠂ ᠪᠠᠶᠢᠭ᠎ᠠ ᠪᠠᠨ ᠰᠢᠯᠢᠳᠡᠭᠵᠢᠭᠦᠯᠦᠨ᠂ ᠨᠡᠮᠡᠭᠳᠡᠯ ᠢ | ᠰᠠᠶᠢᠲᠤᠷ ᠬᠢᠵᠦ᠂ ᠭᠤᠣᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠳᠤ ᠭᠠᠵᠠᠷ ᠰᠢᠷᠣᠢ᠂ ᠪᠡᠯᠡ ᠮᠥᠩᠭᠦ ᠵᠡᠷᠭᠡ ᠬᠦᠴᠦᠨ ᠵᠦᠢᠯ ᠤᠨ | ᠪᠠᠲᠤᠯᠠᠭ᠎ᠠ ᠪᠠ ᠢᠵᠢ ᠪᠦᠷᠢᠳᠦᠭᠦᠯᠬᠦ ᠳᠡᠮᠵᠢᠯᠭᠡ ᠣᠯᠭᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | 2. ᠭᠤᠣᠯ ᠰᠠᠯᠪᠤᠷᠢ ᠱᠤᠭᠤᠮ ᠬᠥᠮᠥᠷᠭᠡᠯᠡᠵᠦ ᠬᠦᠷᠭᠡᠬᠦ ᠲᠣᠣᠷ ᠢ ᠵᠣᠯᠭᠠᠭᠤᠯᠬᠤ ᠶᠢ ᠴᠢᠩᠭᠠᠳᠬᠠᠨ᠎ᠠ᠃ ᠮᠣᠩᠭᠤᠯ ᠣᠷᠣᠰ ᠡᠸᠦ᠋ᠷᠦᠫᠡ᠂ ᠳᠤᠮᠳᠠᠳᠤ | ᠠᠽᠢᠶ᠎ᠠ᠂ ᠪᠡᠭᠡᠵᠢᠩ ᠲᠢᠶᠠᠨᠵᠢᠨ ᠾᠧᠪᠧᠢ ᠳᠤ ᠬᠠᠨᠳᠤᠭᠤᠯᠤᠭᠰᠠᠨ ᠭᠤᠣᠯ ᠱᠤᠭᠤᠮ ᠤᠨ ᠵᠠᠯᠭᠠᠬᠤ ᠴᠢᠳᠠᠪᠤᠷᠢ ᠪᠠ ᠰᠠᠭᠠᠳ ᠦᠭᠡᠢ ᠨᠡᠪᠲᠡᠷᠡᠬᠦ ᠬᠢᠷᠢ | ᠲᠦᠪᠰᠢᠨ ᠢ ᠳᠡᠭᠡᠭᠰᠢᠯᠡᠭᠦᠯᠵᠦ᠂ ᠲᠡᠮᠦᠷ ᠵᠠᠮ᠂ ᠠᠭᠠᠷ ᠤᠨ ᠠᠶᠠᠯᠠᠯ᠂ ᠬᠠᠭᠤᠷᠠᠢ ᠪᠠ ᠲᠡᠯᠡᠶ ᠶᠢᠨ ᠬᠠᠮᠲᠤᠷᠠᠭᠰᠠᠨ ᠲᠡᠭᠡᠭᠡᠪᠦᠷᠢ ᠵᠡᠷᠭᠡ ᠭᠤᠣᠯ ᠱᠤᠭᠤᠮ ᠤᠨ | ᠲᠤᠬᠠᠶᠢᠯᠠᠭᠰᠠᠨ ᠠᠵᠢᠯ ᠤᠨ ᠬᠡᠪᠴᠢᠶᠡᠵᠢᠭᠰᠡᠨ᠂ ᠪᠠᠶᠢᠩᠭᠤᠵᠢᠭᠰᠠᠨ ᠠᠶᠠᠯᠠᠯ ᠢ ᠳᠡᠮᠵᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ᠂ | ᠮᠤᠵᠢ ᠶᠢᠨ ᠬᠤᠭᠤᠷᠣᠨᠳᠣᠬᠢ ᠭᠤᠣᠯᠯᠠᠬᠤ ᠬᠦᠢᠰᠦ ᠶᠢᠨ ᠬᠦᠷᠢᠶᠡᠯᠡᠩ ᠲᠣᠭᠤᠷᠢᠭ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠭᠤᠣᠯ | ᠱᠤᠭᠤᠮ ᠤᠨ ᠲᠡᠭᠡᠭᠡᠪᠦᠷᠢ + ᠣᠷᠣᠨ ᠪᠦᠰᠡ ᠶᠢᠨ ᠲᠣᠣᠷ︾ ᠤᠨ ᠲᠡᠭᠡᠭᠡᠪᠦᠷᠢ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ ᠬᠥᠭᠵᠢᠬᠦ ᠶᠢ | ᠵᠣᠷᠢᠭᠵᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠵᠢᠴᠢ ᠬᠤᠳᠠ ᠬᠥᠳᠡᠭᠡ ᠳᠤ ᠬᠠᠨᠳᠤᠭᠤᠯᠤᠭᠰᠠᠨ ᠰᠠᠯᠪᠤᠷᠢ ᠱᠤᠭᠤᠮ᠂ | ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠪᠤᠰᠤᠳ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠭᠤᠣᠯ | ᠱᠤᠭᠤᠮ ᠤᠨ ᠲᠡᠭᠡᠭᠡᠪᠦᠷᠢ ᠯᠦᠭᠡ ᠵᠣᠯᠭᠠᠭᠤᠯᠤᠨ ᠨᠡᠶᠢᠯᠡᠭᠦᠯᠬᠦ ᠶᠢ ᠲᠦᠷᠭᠡᠳᠬᠡᠵᠦ᠂ ᠪᠥᠬᠦ ᠤᠯᠤᠰ ᠤᠨ ᠬᠦᠢᠰᠦ ᠶᠢᠨ ᠲᠣᠣᠷ ᠮᠠᠶ᠋ᠢᠭ ᠤᠨ ᠠᠵᠢᠯᠯᠠᠭᠠᠨ ᠤ | ᠵᠠᠭᠪᠤᠷ ᠢ ᠪᠦᠷᠢᠯᠳᠦᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 3. ᠳᠣᠲᠣᠭᠠᠳᠤ ᠭᠠᠳᠠᠭᠠᠳᠤ ᠶᠢ ᠬᠤᠯᠪᠣᠭᠰᠠᠨ ᠪᠠᠷᠠᠭᠠᠨ ᠤ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠦᠨ᠎ᠡ᠃ ᠤᠯᠠᠨ ᠤᠯᠤᠰ ᠤᠨ ᠪᠠᠷᠠᠭ᠎ᠠ | ᠲᠡᠭᠡᠭᠡᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠱᠤᠭᠤᠮ ᠢ ᠤᠷᠲᠤᠳᠬᠠᠨ | ᠪᠠᠶᠠᠯᠢᠭᠵᠢᠭᠤᠯᠵᠤ᠂ ᠬᠤᠣᠰ ᠴᠢᠭᠯᠡᠯ ᠤᠨ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠬᠤ ᠬᠡᠯᠪᠡᠷᠢ ᠶᠢ ᠥᠷᠭᠡᠳᠬᠡᠵᠦ᠂ ᠬᠢᠯᠢ ᠥᠩᠭᠡᠷᠡᠬᠦ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠳᠤ ᠳᠥᠭᠦᠮ ᠦᠵᠡᠭᠦᠯᠦᠨ᠎ᠡ᠃ ᠬᠥᠬᠡᠬᠤᠲᠠ ᠶᠢᠨ ᠣᠯᠠᠨ ᠤᠯᠤᠰ ᠤᠨ ᠠᠭᠠᠷ ᠤᠨ ᠠᠶᠠᠯᠠᠯ ᠤᠨ | ᠲᠦᠷᠭᠡᠨ ᠬᠦᠷᠭᠡᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠬᠡᠬᠤᠲᠠ ᠶᠢᠨ ᠠᠭᠠᠷ ᠤᠨ ᠠᠶᠠᠯᠠᠯ ᠤᠨ ᠣᠯᠠᠨ ᠤᠯᠤᠰ ᠤᠨ | ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠭᠡᠮᠨᠡᠷᠡᠯ ᠤᠨ ᠬᠠᠭᠤᠷᠠᠢ ᠠᠭᠠᠷ ᠤᠨ ᠬᠤᠯᠪᠤᠭᠠᠯᠠᠨ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ | ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠣᠯᠠᠨ | ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠣᠷᠣᠯᠠᠨ ᠭᠦᠢᠴᠡᠳᠬᠡᠬᠦ᠂ ᠲᠦᠷᠭᠡᠨ ᠬᠦᠷᠭᠡᠬᠦ᠂ ᠬᠥᠮᠥᠷᠭᠡᠯᠡᠨ ᠬᠠᠳᠠᠭᠠᠯᠠᠬᠤ ᠵᠡᠷᠭᠡ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠂ ᠨᠠᠩ ᠣᠯᠠᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠲᠠᠲᠠᠵᠤ ᠬᠥᠬᠡᠬᠤᠲᠠ ᠳᠤ ᠬᠤᠪᠢᠶᠠᠷᠢ | ᠰᠠᠯᠪᠤᠷᠢ ᠪᠠᠶᠢᠭᠤᠯᠤᠮᠵᠢ ᠪᠠᠶᠢᠭᠤᠯᠵᠤ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 4. ᠪᠠᠷᠠᠭᠠᠨ ᠤ ᠭᠦᠢᠯᠭᠡᠭᠡᠨ ᠤ ᠠᠭᠤᠰᠤᠯᠴᠠᠨ ᠰᠢᠨ᠎ᠡ ᠶᠢ ᠡᠭᠦᠳᠦᠭᠰᠡᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠦᠢᠯᠡᠳᠪᠦᠷᠢᠯᠡᠨ ᠦᠢᠯᠡᠳᠬᠦ ᠪᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠯᠤᠭ᠎ᠠ ᠭᠦᠨᠵᠡᠭᠡᠢ ᠬᠠᠮᠵᠢᠯᠴᠠᠵᠤ ᠶᠢ ᠳᠡᠮᠵᠢᠵᠦ᠂ | ᠪᠠᠷᠠᠭᠠᠨ ᠤ ᠭᠦᠢᠯᠭᠡᠭᠡ ᠶᠢᠨ ᠦᠢᠯᠡᠳᠪᠦᠷᠢᠯᠡᠬᠦ᠂ ᠦᠢᠯᠡᠳᠬᠦ᠂ ᠬᠤᠳᠠᠯᠳᠤᠨ ᠠᠪᠬᠤ᠂ ᠰᠠᠯᠭᠠᠨ ᠪᠣᠷᠣᠯᠠᠭᠤᠯᠬᠤ᠂ ᠳ᠋ᠦᠩᠨᠡᠨ ᠪᠤᠳᠤᠬᠤ ᠵᠡᠷᠭᠡ ᠦᠢᠯᠡᠴᠢᠯᠡᠭᠡ | ᠲᠠᠢ ᠣᠷᠭᠠᠨᠢᠭ ᠢᠶᠠᠷ ᠤᠶᠠᠯᠳᠤᠬᠤ ᠶᠢ ᠠᠬᠢᠭᠤᠯᠵᠤ᠂ ᠪᠠᠷᠠᠭᠠᠨ ᠤ ᠭᠦᠢᠯᠭᠡᠭᠡ ᠬᠢᠭᠡᠳ ᠠᠵᠤ ᠦᠢᠯᠡᠰ ᠬᠠᠷᠢᠯᠴᠠᠨ ᠠᠬᠢᠭᠤᠯᠤᠭᠰᠠᠨ ᠬᠥᠭᠵᠢᠯᠲᠡ ᠶᠢᠨ ᠠᠮᠢ | ᠠᠬᠤᠢ ᠶᠢ ᠪᠣᠶ ᠪᠣᠯᠭᠠᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠠᠴᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠸᠠᠷ ᠤᠨ | ᠠᠷᠠᠯᠵᠢᠶ᠎ᠠ ᠶᠢᠨ ᠵᠠᠬ᠎ᠠ ᠳᠡᠯᠭᠡᠭᠦᠷ ᠵᠡᠷᠭᠡ ᠯᠦᠭᠡ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠬᠤᠯᠪᠤᠭᠠᠯᠠᠨ ᠬᠥᠭᠵᠢᠬᠦ ᠪᠠᠨ ᠴᠢᠩᠭᠠᠳᠬᠠᠬᠤ ᠶᠢ | ᠬᠥᠲᠥᠯᠥᠨ ᠵᠢᠯᠣᠭᠤᠳᠴᠤ᠂ ᠬᠦᠢᠰᠦ ᠶᠢᠨ ᠠᠵᠤ ᠠᠬᠤᠢ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠠᠷᠠᠭᠠᠨ ᠤ ᠭᠦᠢᠯᠭᠡᠭᠡᠨ ᠤ ᠲᠠᠪᠴᠠᠩ ᠤᠨ ᠠᠵᠤ | ᠠᠬᠤᠶᠢᠯᠠᠯ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠪᠠᠨ ᠦᠷᠭᠡᠳᠭᠡᠬᠦ ᠶᠢ ᠵᠤᠷᠢᠭᠵᠢᠭᠤᠯᠵᠤ᠂ ᠬᠥᠮᠥᠨ᠂ ᠲᠡᠷᠭᠡ᠂ ᠪᠠᠷᠠᠭ᠎ᠠ᠂ | ᠬᠥᠮᠥᠷᠭᠡ ᠵᠡᠷᠭᠡ ᠪᠠᠷᠠᠭᠠᠨ ᠤ ᠭᠦᠢᠯᠭᠡᠭᠡᠨ ᠤ ᠲᠠᠷᠠᠬᠠᠢ ᠪᠤᠲᠠᠷᠬᠠᠢ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠰᠢᠯᠢᠳᠡᠭᠵᠢᠭᠦᠯᠦᠨ᠂ | ᠪᠠᠷᠠᠭᠠᠨ ᠤ ᠭᠦᠢᠯᠭᠡᠭᠡ ᠶᠢ ᠨᠢᠭᠡ ᠴᠣᠭᠴᠠᠵᠢᠭᠤᠯᠤᠨ ᠵᠣᠬᠢᠶᠠᠨ ᠪᠠᠶᠢᠭᠤᠯᠬᠤ ᠵᠠᠭᠪᠤᠷ ᠢ ᠡᠭᠦᠳᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠲᠦᠷᠦᠭᠦᠯᠡᠵᠦ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠬᠤᠶᠠᠷ︶ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 1. ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠤᠯᠤᠰ ᠤᠨ | ᠪᠠᠷᠠᠭᠠᠨ ᠤ ᠭᠦᠢᠯᠭᠡᠭᠡᠨ ᠤ ᠬᠦᠢᠰᠦ ᠯᠦᠭᠡ ᠬᠤᠯᠪᠤᠭᠠᠯᠠᠨ ᠬᠥᠳᠡᠯᠦᠯᠴᠡᠨ ᠵᠣᠯᠭᠠᠭᠤᠯᠬᠤ ᠶᠢ ᠴᠢᠩᠭᠠᠳᠬᠠᠨ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ | ᠬᠠᠳᠠᠭᠠᠯᠠᠭᠳᠠᠵᠤ ᠪᠠᠶᠢᠭ᠎ᠠ ᠪᠡᠯᠡᠳᠬᠡᠮᠵᠢ ᠶᠢᠨ ᠡᠬᠢ ᠪᠠᠶᠠᠯᠢᠭ ᠢ ᠨᠡᠶᠢᠯᠡᠭᠦᠯᠦᠨ ᠨᠡᠶᠢᠳᠬᠡᠵᠦ᠂ ᠴᠢᠳᠠᠪᠤᠷᠢ ᠶᠢᠨ ᠴᠢᠨᠠᠷᠲᠠᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠢᠶᠠᠷ ᠬᠥᠲᠥᠯᠥᠨ ᠳᠠᠭᠠᠭᠤᠯᠬᠤ᠂ ᠭᠠᠷᠤᠯᠲᠠ ᠶᠢᠨ ᠣᠷᠣᠨ ᠤ ᠦᠢᠯᠡᠴᠢᠯᠡᠭᠡᠨ᠂ ᠬᠤᠲᠠ ᠶᠢᠨ | ᠦᠢᠯᠡᠴᠢᠯᠡᠭᠡᠨ᠂ ᠳᠠᠮᠵᠢᠭᠤᠯᠤᠨ ᠲᠥᠪᠯᠡᠷᠡᠭᠦᠯᠦᠨ ᠲᠠᠷᠬᠠᠭᠠᠬᠤ᠂ ᠦᠢᠯᠡᠳᠪᠦᠷᠢᠯᠡᠵᠦ ᠡᠳ᠋ᠰᠢᠭᠦᠯᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠢ | ᠳᠣᠪᠤᠶᠢᠯᠭᠠᠵᠤ᠂ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠪᠥᠭᠡᠮᠨᠡᠷᠡᠯ ᠢ ᠪᠣᠶ ᠪᠣᠯᠭᠠᠨ᠎ᠠ᠃ ᠪᠤᠰᠤᠳ ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ | ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠢᠲᠡᠨ ᠬᠡᠯᠬᠢᠶᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ ᠤᠨ | ᠬᠤᠭᠤᠷᠣᠨᠳᠣᠬᠢ ᠴᠢᠳᠠᠮᠵᠢ ᠬᠢᠭᠡᠳ ᠲᠤᠬᠠᠶᠢᠯᠠᠭᠰᠠᠨ ᠠᠵᠢᠯ ᠤᠨ ᠵᠣᠯᠭᠠᠭᠤᠯᠤᠯᠲᠠ ᠪᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ ᠤᠯᠤᠰ ᠤᠨ | ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠭᠤᠣᠯᠯᠠᠬᠤ ᠵᠠᠮ ᠳᠤ ᠢᠳᠡᠪᠬᠢᠲᠡᠢ ᠪᠠᠷ ᠠᠭᠤᠰᠤᠯᠴᠠᠭᠤᠯᠤᠨ᠎ᠠ᠃ ︵ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠵᠠᠮ ᠬᠠᠷᠢᠯᠴᠠᠭᠠᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠬᠠᠮᠵᠢᠯᠴᠠᠨ᠎ᠠ︶ | 2. ᠬᠦᠢᠲᠡᠨ ᠬᠡᠯᠬᠢᠶᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ ᠢ ᠲᠦᠷᠭᠡᠨ ᠪᠠᠶᠢᠭᠤᠯᠤᠨ᠎ᠠ᠃ ᠬᠥᠬᠡᠬᠤᠲᠠ ᠶᠢᠨ ᠪᠣᠬᠢᠷᠲᠤᠯ ᠦᠭᠡᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠲᠤ ᠲᠦᠰᠢᠭᠯᠡᠨ᠂ ᠭᠠᠷᠤᠯᠲᠠ ᠶᠢᠨ ᠣᠷᠣᠨ ᠤ | ᠬᠦᠢᠲᠡᠨ ᠬᠡᠯᠬᠢᠶᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ ᠢ ᠪᠦᠲᠦᠭᠡᠨ ᠪᠠᠶᠢᠭᠤᠯᠵᠤ᠂ ᠭᠠᠷᠤᠯᠲᠠ ᠶᠢᠨ ᠣᠷᠣᠨ ᠤ ᠣᠯᠠᠨ ᠨᠡᠶᠢᠲᠡ ᠶᠢᠨ ᠬᠦᠢᠲᠡᠨ | ᠬᠥᠮᠥᠷᠭᠡ ᠶᠢᠨ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠤᠨ᠂ ᠭᠠᠷᠤᠯᠲᠠ ᠶᠢᠨ ᠣᠷᠣᠨ ᠳᠤ ᠤᠷᠢᠳᠴᠢᠯᠠᠨ ᠬᠥᠯᠳᠡᠭᠡᠬᠦ᠂ ᠬᠥᠮᠥᠷᠭᠡᠯᠡᠨ ᠰᠣᠷᠭᠤᠭ | ᠬᠠᠳᠠᠭᠠᠯᠠᠬᠤ᠂ ᠱᠠᠲᠤ ᠬᠤᠪᠢᠶᠠᠨ ᠢᠯᠭᠠᠬᠤ᠂ ᠠᠩᠬ᠎ᠠ ᠡᠳ᠋ᠰᠢᠭᠦᠯᠬᠦ᠂ ᠭᠠᠷᠤᠯᠲᠠ ᠶᠢᠨ ᠣᠷᠣᠨ ᠠᠴᠠ ᠰᠢᠭᠤᠳ ᠪᠣᠷᠣᠯᠠᠭᠤᠯᠬᠤ ᠵᠡᠷᠭᠡ ᠴᠢᠳᠠᠪᠤᠷᠢ ᠶᠢ | ᠴᠢᠩᠭᠠᠷᠠᠭᠤᠯᠵᠤ᠂ ᠬᠤᠷᠢᠶᠠᠯᠲᠠ ᠶᠢᠨ ᠳᠠᠷᠠᠭᠠᠬᠢ ᠬᠤᠬᠢᠷᠠᠯ ᠢ ᠪᠠᠭᠠᠰᠬᠠᠨ᠎ᠠ᠃ ᠮᠧᠶ ᠲᠦᠩ᠂ ᠳ᠋ᠦᠩ ᠸᠠ ᠶᠣᠣ᠂ ᠪᠦᠦ ᠴᠢᠤᠸᠠᠨ ᠵᠤᠸᠠᠩ ᠵᠡᠷᠭᠡ ᠲᠣᠮᠣ | ᠬᠡᠯᠪᠡᠷᠢ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠬᠤᠳᠠᠯᠳᠤᠭᠠᠨ ᠤ ᠬᠦᠢᠲᠡᠨ ᠬᠡᠯᠬᠢᠶᠡᠨ ᠤ ᠲᠥᠪᠯᠡᠷᠡᠭᠦᠯᠦᠨ ᠲᠣᠬᠢᠷᠠᠭᠤᠯᠬᠤ | ᠲᠥᠪ ᠪᠠᠶᠢᠭᠤᠯᠬᠤ ᠶᠢ ᠳᠡᠮᠵᠢᠵᠦ᠂ ᠭᠦᠢᠯᠭᠡᠭᠡᠨ ᠳᠤ ᠡᠳ᠋ᠰᠢᠭᠦᠯᠬᠦ᠂ ᠣᠷᠣᠨ ᠪᠦᠰᠡ ᠪᠠᠷ ᠰᠠᠯᠭᠠᠬᠤ᠂ ᠬᠤᠲᠠ ᠲᠣᠭᠤᠷᠢᠭ ᠲᠤ ᠲᠣᠬᠢᠷᠠᠭᠤᠯᠤᠨ ᠬᠦᠷᠭᠡᠬᠦ | ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠨ ᠤ ᠬᠡᠲᠦ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠰᠢᠨ᠎ᠡ ᠰᠣᠷᠭᠤᠭ ᠢᠳᠡᠭᠡᠨ ᠤ ᠬᠡᠯᠬᠢᠶ᠎ᠡ | ᠳᠡᠯᠭᠡᠭᠦᠷ᠂ ᠪᠠᠭᠤᠳᠠᠯ ᠤᠨ ᠢᠳᠡᠭᠡᠨ ᠤᠮᠳᠠᠭᠠᠨ᠂ ᠰᠤᠷᠭᠠᠭᠤᠯᠢ᠂ ᠪᠠᠶᠢᠭᠤᠯᠭ᠎ᠠ ᠪᠦᠯᠬᠦᠮ ᠵᠡᠷᠭᠡ ᠳᠤ ᠬᠠᠨᠳᠤᠭᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠲᠥᠪᠯᠡᠷᠡᠭᠦᠯᠦᠨ ᠬᠤᠳᠠᠯᠳᠤᠨ ᠠᠪᠬᠤ᠂ ᠭᠦᠢᠯᠭᠡᠭᠡᠨ ᠳᠤ ᠡᠳ᠋ᠰᠢᠭᠦᠯᠬᠦ᠂ ᠣᠯᠠᠨ ᠵᠦᠢᠯ ᠤᠨ ᠳᠤᠯᠠᠭᠠᠨ ᠤ ᠬᠡᠮᠵᠢᠶ᠎ᠡ ᠶᠢᠨ ᠪᠠᠷᠠᠭ᠎ᠠ ᠶᠢ ᠬᠠᠮᠲᠤ | ᠬᠦᠷᠭᠡᠬᠦ ᠶᠢ ᠥᠷᠨᠢᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 3. ᠦᠢᠯᠡᠳᠪᠦᠷᠢᠯᠡᠯ ᠪᠣᠷᠤᠯᠠᠭᠤᠯᠭ᠎ᠠ ᠶᠢᠨ ᠬᠤᠶᠠᠷ ᠦᠵᠦᠭᠦᠷ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠳᠤᠲᠠᠭᠤᠳᠠᠯ ᠢ | ᠨᠥᠬᠦᠪᠦᠷᠢᠯᠡᠨ᠎ᠡ᠃ ᠭᠠᠷᠤᠯᠲᠠ ᠶᠢᠨ ᠣᠷᠣᠨ ᠤ ︽ᠬᠠᠮᠤᠭ ᠤᠨ ᠠᠩᠬᠠᠨ ᠤ ᠨᠢᠭᠡ ᠺᠢᠯᠣᠮᠧᠲᠷ︾ ᠤᠨ ᠬᠦᠢᠲᠡᠨ ᠢᠶᠠᠷ ᠰᠣᠷᠭᠤᠭ ᠬᠠᠳᠠᠭᠠᠯᠠᠬᠤ ᠬᠡᠷᠡᠭᠴᠡᠭᠡ ᠶᠢᠨ | ᠲᠣᠭᠤᠷᠢᠨ ᠳᠤ᠂ ᠲᠦᠭᠦᠬᠡᠢ ᠰᠢᠨ᠎ᠡ ᠰᠣᠷᠭᠤᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠤᠣᠯᠳᠠᠯᠭ᠎ᠠ ᠲᠠᠢ ᠣᠷᠣᠨ ᠪᠦᠰᠡ ᠳᠤ ᠣᠷᠣᠨ | ᠬᠡᠰᠡᠭ ᠬᠤᠪᠢᠶᠠᠨ ᠭᠠᠷᠤᠯᠲᠠ ᠶᠢᠨ ᠣᠷᠣᠨ ᠤ ᠬᠥᠯᠳᠡᠭᠡᠵᠦ ᠰᠣᠷᠭᠤᠭ ᠬᠠᠳᠠᠭᠠᠯᠠᠬᠤ ᠪᠡᠯᠡᠳᠬᠡᠮᠵᠢ ᠶᠢ ᠵᠦᠢ ᠵᠣᠬᠢᠰᠲᠠᠢ ᠲᠥᠪᠯᠡᠷᠡᠭᠦᠯᠦᠨ ᠪᠦᠲᠦᠭᠡᠨ | ᠪᠠᠶᠢᠭᠤᠯᠵᠤ᠂ ᠬᠠᠮᠲᠤᠪᠠᠷ ᠡᠳ᠋ᠯᠡᠬᠦ ᠮᠠᠶ᠋ᠢᠭ ᠤᠨ ︽ᠲᠠᠷᠢᠶᠠᠨ ᠦᠵᠦᠭᠦᠷ ᠤᠨ ᠵᠢᠵᠢᠭ ᠥᠷᠲᠡᠭᠡ︾ ᠵᠡᠷᠭᠡ ᠨᠡᠭᠦᠳᠡᠯ ᠬᠦᠢᠲᠡᠨ ᠬᠥᠮᠥᠷᠭᠡ᠂ ᠬᠦᠢᠲᠡᠨ | ᠬᠡᠯᠬᠢᠶᠡᠨ ᠤ ᠪᠡᠯᠡᠳᠬᠡᠮᠵᠢ ᠲᠥᠬᠦᠭᠡᠷᠦᠮᠵᠢ ᠲᠦᠷᠢᠶᠡᠰᠦᠯᠡᠬᠦ ᠵᠡᠷᠭᠡ ᠲᠤᠰᠬᠠᠶᠢᠵᠢᠭᠰᠠᠨ᠂ ᠪᠥᠬᠦ ᠶᠠᠪᠤᠴᠠ ᠶᠢᠨ ᠬᠥᠮᠥᠷᠭᠡᠯᠡᠨ ᠰᠣᠷᠭᠤᠭ ᠬᠠᠳᠠᠭᠠᠯᠠᠬᠤ ᠬᠦᠢᠲᠡᠨ | ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢ ᠰᠦᠪᠡᠭᠴᠢᠯᠡᠨ ᠬᠥᠭᠵᠢᠭᠦᠯᠵᠦ᠂ ᠭᠠᠷᠤᠯᠲᠠ ᠶᠢᠨ ᠣᠷᠣᠨ ᠤ ᠡᠬᠢ ᠳᠠᠬᠢ ᠬᠦᠢᠲᠡᠨ ᠬᠡᠯᠬᠢᠶᠡᠨ ᠤ | ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠦᠷᠭᠡᠨ ᠬᠦᠷᠭᠡᠯᠲᠡ ᠶᠢᠨ ᠠᠵᠤ | ᠠᠬᠤᠶᠢᠯᠠᠯ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ᠂ | ᠬᠤᠲᠠ ᠶᠢᠨ ᠬᠦᠢᠲᠡᠨ ᠬᠡᠯᠬᠢᠶᠡᠨ ᠤ ᠴᠠᠭ ᠳᠠᠷᠤᠢ ᠳᠤᠨᠢ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠲᠦᠭᠦᠬᠡᠢ ᠰᠢᠨ᠎ᠡ | ᠰᠣᠷᠭᠤᠭ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠬᠡᠷᠡᠭᠯᠡᠭᠡ ᠵᠡᠷᠭᠡ ᠶᠢᠨ ᠠᠭᠤᠰᠤᠯᠴᠠᠨ ᠬᠥᠭᠵᠢᠬᠦ ᠶᠢ | ᠬᠥᠲᠥᠯᠥᠨ ᠵᠢᠯᠣᠭᠤᠳᠤᠨ᠎ᠠ᠃ ᠬᠤᠲᠠ ᠶᠢᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ︽ᠡᠴᠦᠰ ᠤᠨ ᠨᠢᠭᠡ ᠺᠢᠯᠣᠮᠧᠲᠷ︾ ᠤᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ᠂ ᠳᠥᠲᠡ | ᠳᠡᠯᠭᠡᠭᠦᠷ᠂ ᠡᠮ ᠤᠨ ᠳᠡᠯᠭᠡᠭᠦᠷ᠂ ᠲᠦᠭᠦᠬᠡᠢ ᠰᠢᠨ᠎ᠡ ᠰᠣᠷᠭᠤᠭ ᠢᠳᠡᠭᠡᠨ ᠤ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ | ᠵᠡᠷᠭᠡ ᠶᠢ ᠬᠥᠲᠥᠯᠥᠨ ᠵᠢᠯᠤᠭᠤᠳᠴᠤ ᠬᠤᠲᠠ ᠶᠢᠨ ᠲᠡᠭᠦᠰᠬᠡᠯ ᠦᠵᠦᠭᠦᠷ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢ | ᠲᠡᠭᠦᠯᠳᠡᠷᠵᠢᠭᠦᠯᠵᠦ᠂ ᠲᠡᠭᠦᠰᠬᠡᠯ ᠦᠵᠦᠭᠦᠷ ᠤᠨ ᠬᠦᠢᠲᠡᠨ ᠬᠡᠯᠬᠢᠶᠡᠨ ᠤ ᠲᠣᠬᠢᠷᠠᠭᠤᠯᠤᠨ ᠬᠦᠷᠭᠡᠬᠦ ᠬᠥᠭᠵᠢᠯᠲᠡ ᠶᠢ ᠠᠬᠢᠭᠤᠯᠤᠨ᠎ᠠ᠃ ︵ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ | 1. ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠢ ᠵᠣᠬᠢᠴᠠᠭᠤᠯᠤᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠦᠨ᠎ᠡ᠃ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠵᠠᠮ ᠬᠠᠷᠢᠯᠴᠠᠭ᠎ᠠ | ᠂ ᠬᠤᠳᠠᠯᠳᠤᠭᠠᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠵᠡᠷᠭᠡ ᠬᠠᠮᠢᠶ᠎ᠠ ᠪᠦᠬᠦᠢ ᠭᠤᠣᠯ ᠴᠣᠭᠴᠠ ᠵᠢᠴᠢ ᠣᠷᠣᠨ ᠪᠦᠰᠡ ᠶᠢᠨ | ᠭᠤᠣᠯᠯᠠᠬᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ | ᠲᠥᠰᠥᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠪᠠᠶᠢᠭᠠᠯᠢ ᠶᠢᠨ ᠭᠠᠮᠰᠢᠭ᠂ ᠠᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ | ᠲᠦᠪᠰᠢᠨ ᠤ ᠬᠡᠷᠡᠭ ᠵᠡᠷᠭᠡ ᠠᠳᠠᠯᠢ ᠪᠤᠰᠤ ᠲᠥᠷᠥᠯ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠲᠤ ᠬᠠᠨᠳᠤᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ | ᠪᠠᠷᠠᠭᠠᠨ ᠤ ᠭᠦᠢᠯᠭᠡᠭᠡᠨ ᠤ ᠪᠡᠯᠡᠳᠬᠡᠯ ᠲᠥᠰᠥᠯ ᠢ ᠲᠠᠰ ᠬᠤᠪᠢᠶᠠᠵᠤ ᠱᠠᠲᠤ ᠬᠤᠪᠢᠶᠠᠵᠤ ᠪᠠᠶᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠵᠠᠮ ᠬᠠᠷᠢᠯᠴᠠᠭᠠᠨ ᠤ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠠᠮᠵᠢᠯᠴᠠᠨ᠎ᠠ︶ | 2. ᠡᠩ ᠤᠨ ᠦᠶ᠎ᠡ ᠪᠠᠴᠢᠮ ᠪᠠᠶᠢᠳᠠᠯ ᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠶᠢ ᠲᠦᠯᠬᠢᠨ | ᠠᠬᠢᠭᠤᠯᠤᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠠᠴᠠ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ | ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠵᠦ᠂ ᠬᠤᠳᠠᠯᠳᠤᠭᠠᠨ ᠤ ᠶᠠᠪᠤᠳᠠᠯ᠂ ᠠᠷᠠᠳ ᠤᠨ ᠶᠠᠪᠤᠳᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠬᠤᠲᠠ ᠶᠢᠨ ᠠᠮᠤ ᠲᠣᠰᠣ ᠬᠤᠳᠠᠯᠳᠤᠨ ᠠᠪᠴᠤ ᠨᠥᠭᠡᠴᠡᠯᠡᠬᠦ ᠺᠣᠮᠫᠠᠨᠢ ᠵᠡᠷᠭᠡ ᠬᠠᠮᠢᠶ᠎ᠠ ᠪᠦᠬᠦᠢ ᠡᠳ᠋ ᠪᠣᠳᠠᠰ ᠨᠥᠭᠡᠴᠡᠯᠡᠬᠦ | ᠰᠠᠯᠠᠭ᠎ᠠ ᠮᠥᠴᠢᠷ ᠲᠠᠢ ᠬᠠᠮᠲᠤᠷᠠᠨ ᠡᠩ ᠤᠨ ᠦᠶ᠎ᠡ ᠪᠠ ᠪᠠᠴᠢᠮ ᠪᠠᠶᠢᠳᠠᠯ ᠢ ᠤᠶᠠᠯᠳᠤᠭᠤᠯᠤᠭᠰᠠᠨ ᠡᠳ᠋ ᠪᠣᠳᠠᠰ ᠨᠥᠭᠡᠴᠡᠯᠡᠬᠦ ᠰᠢᠰᠲ᠋ᠧᠮᠵᠢ ᠶᠢ ᠪᠠᠶᠢᠭᠤᠯᠤᠨ᠎ᠠ᠃ | ᠨᠥᠭᠡᠴᠡᠯᠡᠬᠦ ᠡᠳ᠋ ᠪᠠᠷᠠᠭ᠎ᠠ᠂ ᠦᠢᠯᠡᠳᠪᠦᠷᠢᠯᠡᠯ ᠤᠨ ᠡᠳ᠋ ᠪᠠᠷᠠᠭ᠎ᠠ᠂ ᠬᠠᠨᠳᠢᠪᠯᠠᠭᠰᠠᠨ ᠡᠳ᠋ ᠪᠠᠷᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠨᠥᠭᠡᠴᠡᠯᠡᠵᠦ | ᠲᠣᠬᠢᠷᠠᠭᠤᠯᠬᠤ ᠴᠢᠳᠠᠪᠤᠷᠢ ᠶᠢ ᠴᠢᠩᠭᠠᠳᠬᠠᠵᠤ᠂ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠤᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠨ᠂ ᠡᠳ᠋ ᠪᠠᠷᠠᠭᠠᠨ ᠤ ᠬᠥᠮᠥᠷᠭᠡ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠨᠥᠭᠡᠴᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ | ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠴᠢᠳᠠᠮᠵᠢ ᠶᠢ ᠥᠷᠭᠡᠳᠬᠡᠵᠦ᠂ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠢ ᠠᠷᠭᠠᠴᠠᠭᠠᠬᠤ ᠳᠤ | ᠬᠦᠴᠦᠲᠡᠢ ᠪᠠᠷᠠᠭᠠᠨ ᠤ ᠭᠦᠢᠯᠭᠡᠭᠡᠨ ᠤ ᠪᠠᠲᠤᠯᠠᠭ᠎ᠠ ᠶᠢ ᠬᠠᠩᠭᠠᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠵᠢᠯᠴᠠᠨ᠎ᠠ︶ | 3. ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠰᠠᠯᠭᠠᠵᠤ ᠲᠣᠬᠢᠷᠠᠭᠤᠯᠤᠨ ᠬᠦᠷᠭᠡᠬᠦ ᠴᠢᠳᠠᠪᠤᠷᠢ ᠶᠢ | ᠴᠢᠩᠭᠠᠳᠬᠠᠨ᠎ᠠ᠃ ︽ᠭᠤᠣᠯ ᠱᠤᠭᠤᠮ ᠢ ᠵᠣᠯᠭᠠᠭᠤᠯᠬᠤ + ᠬᠦᠢᠰᠦ ᠪᠠᠷ ᠳᠠᠮᠵᠢᠬᠤ + ᠬᠡᠪᠴᠢᠶᠡᠵᠢᠯ ᠲᠠᠢ ᠬᠠᠮᠲᠤ ᠪᠠᠷ ᠲᠣᠬᠢᠷᠠᠭᠤᠯᠬᠤ︾ ᠪᠠᠴᠢᠮ ᠪᠠᠶᠢᠳᠠᠯ ᠢ | ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠵᠠᠭᠪᠤᠷ ᠢ ᠪᠠᠶᠢᠭᠤᠯᠵᠤ᠂ ᠪᠥᠬᠦ ᠬᠤᠲᠠ ᠶᠢᠨ ᠡᠯ᠎ᠡ ᠭᠤᠣᠯ ᠪᠣᠯᠬᠤ ᠪᠠᠷᠠᠭᠠᠨ ᠤ ᠭᠦᠢᠯᠭᠡᠭᠡᠨ ᠤ ᠬᠦᠢᠰᠦ ᠶᠢᠨ | ᠵᠠᠩᠭᠢᠯᠠᠭ᠎ᠠ ᠶᠢᠨ ᠴᠡᠭ ᠲᠤ ᠲᠦᠰᠢᠭᠯᠡᠨ᠂ ᠬᠦᠢᠰᠦ ᠶᠢᠨ ᠭᠤᠣᠯ ᠱᠤᠭᠤᠮ ᠢ ᠵᠣᠯᠭᠠᠭᠤᠯᠬᠤ ᠪᠠ ᠳᠠᠮᠵᠢᠭᠤᠯᠵᠤ ᠲᠥᠪᠯᠡᠷᠡᠭᠦᠯᠵᠦ ᠲᠠᠷᠬᠠᠭᠠᠬᠤ ᠴᠢᠳᠠᠪᠤᠷᠢ ᠶᠢ | ᠴᠢᠩᠭᠠᠳᠬᠠᠵᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷ ᠭᠤᠣᠯᠯᠠᠭᠴᠢ ᠬᠦᠴᠦᠨ ᠪᠣᠯᠭᠠᠭᠰᠠᠨ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ᠂ ᠪᠠᠷᠠᠭᠠᠨ ᠤ ᠭᠦᠢᠯᠭᠡᠭᠡᠨ ᠤ ᠲᠥᠪ ᠪᠠ ᠲᠣᠬᠢᠷᠠᠭᠤᠯᠤᠨ ᠬᠦᠷᠭᠡᠬᠦ ᠲᠥᠪ ᠢᠶᠠᠷ ᠨᠥᠬᠦᠪᠦᠷᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ | ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ᠠᠳᠠᠯᠢ ᠪᠤᠰᠤ ᠲᠥᠷᠥᠯ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠲᠤ ᠴᠢᠭᠯᠡᠭᠦᠯᠦᠨ᠂ | ᠬᠤᠲᠠ ᠶᠢᠨ ᠲᠣᠬᠢᠷᠠᠭᠤᠯᠤᠨ ᠬᠦᠷᠭᠡᠬᠦ᠂ ᠲᠦᠷᠭᠡᠨ ᠬᠦᠷᠭᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠲᠥᠷᠥᠯ ᠬᠤᠪᠢᠶᠠᠨ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠢᠨᠠᠨ ᠬᠠᠮᠢᠶᠠᠷᠴᠤ ᠵᠣᠬᠢᠴᠠᠭᠤᠯᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠵᠦ᠂ ᠲᠤᠰᠬᠠᠢ ᠮᠡᠷᠭᠡᠵᠢᠯ ᠤᠨ | ᠴᠢᠨᠠᠷᠲᠠᠢ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠣᠷᠣᠯᠴᠠᠬᠤ ᠭᠦᠨᠴᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠂ ᠨᠡᠶᠢᠭᠡᠮ ᠲᠣᠭᠤᠷᠢᠭ᠂ ᠬᠤᠷᠢᠶᠠᠯᠠᠯ᠂ ᠠᠵᠤ ᠠᠬᠤᠶᠢᠯᠠᠯ ᠤᠨ ᠨᠢᠭᠡᠴᠢ ᠵᠡᠷᠭᠡ ᠶᠢᠨ ᠲᠣᠬᠢᠷᠠᠭᠤᠯᠤᠨ ᠬᠦᠷᠭᠡᠬᠦ ᠦᠢᠯᠡᠳᠦᠯ ᠢ | ᠪᠠᠳᠠᠷᠠᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ | ᠵᠠᠮ ᠬᠠᠷᠢᠯᠴᠠᠭᠠᠨ ᠤ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ᠵᠢᠷᠭᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠢᠯᠭᠡᠭᠡᠨ ᠤ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ︵ᠨᠢᠭᠡ︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠣᠷ ᠢ ᠲᠡᠭᠦᠯᠳᠡᠷᠵᠢᠭᠦᠯᠦᠨ᠎ᠡ | 1. ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ S43 ᠬᠥᠬᠡᠬᠤᠲᠠ ᠶᠢᠨ | ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ | ᠪᠠ ᠬᠦᠷᠬᠦ ᠵᠠᠮ ᠵᠡᠷᠭᠡ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠲᠣᠭᠤᠷᠢᠭ ᠬᠢᠭᠡᠳ ᠡᠯ᠎ᠡ | ᠬᠤᠰᠢᠭᠤ ᠰᠢᠶᠠᠨ ᠲᠣᠭᠤᠷᠢᠭ᠂ ᠬᠤᠲᠠ ᠬᠢᠭᠡᠳ ᠡᠷᠬᠢᠨ ᠲᠣᠭᠤᠷᠢᠨ ᠤ ᠬᠤᠲᠠ ᠶᠢᠨ ᠬᠤᠭᠤᠷᠣᠨᠳᠤ ᠲᠦᠷᠭᠡᠨ ᠨᠡᠪᠲᠡᠷᠡᠬᠦ ᠶᠢ ᠪᠡᠶᠡᠯᠡᠭᠦᠯᠵᠦ᠂ ︽ᠨᠢᠭᠡ | ᠴᠠᠭᠠᠷᠢᠭ᠂ ᠲᠠᠪᠤᠨ ᠭᠤᠯᠳᠤ᠂ ᠲᠠᠪᠤᠨ ᠬᠥᠨᠳᠡᠯᠡᠨ᠂ ᠲᠤᠯᠤᠭᠠᠨ ᠰᠠᠴᠤᠷᠠᠭ︾ ᠵᠠᠰᠠᠮᠠᠯ ᠵᠠᠮ ᠤᠨ ᠲᠣᠣᠷ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ | ᠪᠦᠷᠢᠯᠳᠦᠭᠦᠯᠦᠨ᠎ᠡ᠃ ᠬᠥᠬᠡᠬᠤᠲᠠ ᠠᠴᠠ ᠪᠤᠭᠤᠲᠤ ᠬᠦᠷᠬᠦ ᠲᠦᠷᠭᠡᠨ ᠤ ᠲᠡᠮᠦᠷ ᠵᠠᠮ᠂ ᠬᠥᠬᠡᠬᠤᠲᠠ ᠠᠴᠠ ᠪᠤᠭᠤᠲᠤ ᠬᠦᠷᠬᠦ ᠲᠦᠷᠭᠡᠨ ᠤ ᠲᠡᠮᠦᠷ ᠵᠠᠮ ᠤᠨ | ᠰᠤᠨᠤᠭᠰᠠᠨ ᠱᠤᠭᠤᠮ ︵ᠰᠢᠨ᠎ᠡ ᠨᠢᠰᠬᠡᠯ ᠤᠨ ᠪᠠᠭᠤᠳᠠᠯ ᠤᠨ ᠬᠡᠰᠡᠭ︶᠂ ᠬᠥᠬᠡᠬᠤᠲᠠ ᠣᠷᠳᠣᠰ ᠬᠤᠲᠠ ᠶᠢᠨ ᠬᠤᠭᠤᠷᠣᠨᠳᠣᠬᠢ ᠲᠡᠮᠦᠷ ᠵᠠᠮ ᠢ | ᠲᠥᠯᠥᠪᠵᠢᠭᠦᠯᠭᠡ ᠳᠤ ᠣᠷᠣᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠬᠥᠬᠡᠬᠤᠲᠠ ᠠᠴᠠ ᠱᠦᠸᠧᠵᠦ ᠲᠠᠶᠢᠶᠦᠸᠠᠨ ᠬᠦᠷᠬᠦ ᠲᠦᠷᠭᠡᠨ ᠤ ᠲᠡᠮᠦᠷ ᠵᠠᠮ ᠢ | ᠲᠥᠯᠥᠪᠵᠢᠭᠦᠯᠵᠦ ᠰᠤᠳᠤᠯᠬᠤ ᠠᠵᠢᠯ ᠢ ᠠᠬᠢᠭᠤᠯᠵᠤ᠂ ᠵᠢᠨᠴᠢᠶᠣᠣ ᠴᠠᠬᠢᠯᠭᠠᠨ ᠤ ᠦᠢᠯᠡᠳᠪᠦᠷᠢ ᠶᠢᠨ ᠲᠡᠮᠦᠷ ᠵᠠᠮ ᠤᠨ ᠲᠤᠰᠬᠠᠢ ᠱᠤᠭᠤᠮ᠂ ᠵᠢᠶᠠ ᠾᠧ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠨ᠎ᠡ | ᠨᠢᠰᠬᠡᠯ ᠤᠨ ᠪᠠᠭᠤᠳᠠᠯ 2025 ᠣᠨ ᠳᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ | ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠠᠯᠢ | ᠲᠦᠷᠭᠡᠨ ᠢᠶᠠᠷ ᠨᠥᠬᠦᠪᠦᠷᠢᠯᠡᠵᠦ᠂ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠯᠲᠠ ᠶᠢ ᠦᠷᠭᠦᠯᠵᠢᠯᠡᠨ ᠠᠬᠢᠭᠤᠯᠤᠨ᠎ᠠ᠃ ︵ᠬᠤᠲᠠ ᠶᠢᠨ | ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠲᠤᠰᠢᠶᠠᠯ ᠬᠠᠷᠢᠭᠤᠴᠠᠯᠭ᠎ᠠ ᠶᠢᠨ | ᠶᠣᠰᠣᠭᠠᠷ ᠬᠤᠪᠢᠶᠠᠨ ᠬᠠᠷᠢᠭᠤᠴᠠᠨ᠎ᠠ︶ | 2. ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠵᠢᠴᠢ ᠲᠥᠪᠯᠡᠷᠡᠭᠦᠯᠵᠦ ᠰᠠᠯᠭᠠᠵᠤ ᠲᠡᠭᠡᠭᠡᠪᠦᠷᠢᠯᠡᠬᠦ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠬᠦᠢᠰᠦ ᠶᠢᠨ ᠲᠥᠪᠯᠡᠷᠡᠭᠦᠯᠵᠦ ᠰᠠᠯᠭᠠᠵᠤ ᠲᠡᠭᠡᠭᠡᠪᠦᠷᠢᠯᠡᠬᠦ ᠰᠢᠰᠲ᠋ᠧᠮᠵᠢ ᠶᠢᠨ ᠴᠢᠨᠠᠷ ᠢ ᠳᠡᠭᠡᠭᠰᠢᠯᠡᠭᠦᠯᠦᠨ ᠪᠦᠲᠦᠭᠡᠨ | ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠬᠡᠨ ᠠᠬᠢᠭᠤᠯᠤᠨ᠎ᠠ᠃ ᠤᠯᠠᠨ ᠤᠯᠤᠰ ᠤᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠴᠢᠩᠭᠡᠯᠢᠭ᠂ | ᠬᠦᠢᠲᠡᠨ ᠬᠡᠯᠬᠢᠶ᠎ᠡ᠂ ᠶᠡᠭᠡ ᠬᠡᠮᠵᠢᠶᠡᠨ ᠤ ᠡᠨᠧᠷᠭᠢ ᠶᠢᠨ ᠰᠤᠷᠪᠤᠯᠵᠢ᠂ ᠮᠠᠰᠢᠨ ᠲᠣᠨᠣᠭᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠪᠠᠷ | ᠣᠨᠴᠠᠯᠢᠭ ᠪᠣᠯᠭᠠᠭᠰᠠᠨ ᠰᠣᠳᠣᠨ ᠵᠠᠮ ᠱᠤᠭᠤᠮ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠦᠨ᠎ᠡ᠃ ᠬᠥᠬᠡᠬᠤᠲᠠ ᠠᠴᠠ ᠤᠯᠤᠰ ᠤᠨ ᠳᠣᠲᠣᠭᠠᠳᠤ ᠶᠢᠨ ᠭᠤᠣᠯ | ᠪᠣᠯᠬᠤ ᠠᠭᠠᠷ ᠤᠨ ᠠᠶᠠᠯᠠᠯ ᠤᠨ ᠲᠦᠷᠭᠡᠨ ᠬᠦᠷᠭᠡᠯᠲᠡ ᠶᠢᠨ ᠬᠦᠢᠰᠦ ᠬᠦᠷᠬᠦ ᠠᠭᠠᠷ ᠤᠨ ᠠᠶᠠᠯᠠᠯ ᠤᠨ ᠪᠠᠷᠠᠭᠠᠨ ᠤ ᠲᠡᠭᠡᠭᠡᠪᠦᠷᠢ ᠶᠢᠨ ᠲᠦᠷᠭᠡᠨ ᠱᠤᠭᠤᠮ ᠢ | ᠲᠦᠷᠭᠡᠨ ᠪᠠᠶᠢᠭᠤᠯᠵᠤ᠂ ᠣᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠤᠨ ᠲᠣᠣᠷ ᠢ ᠨᠢᠭᠲᠠ ᠰᠦᠯᠵᠢᠵᠦ᠂ ᠮᠣᠩᠭᠤᠯ ᠣᠷᠣᠰ ᠯᠤᠭ᠎ᠠ ᠶᠢᠨ | ᠠᠭᠠᠷ ᠤᠨ ᠠᠶᠠᠯᠠᠯ ᠤᠨ ᠱᠤᠭᠤᠮ ᠤᠨ ᠦᠷ᠎ᠡ ᠪᠦᠲᠦᠮᠵᠢ ᠶᠢ ᠴᠢᠩᠭᠠᠳᠬᠠᠨ᠎ᠠ᠃ ᠲᠢᠶᠠᠨᠵᠢᠨ ᠭᠠᠷᠠᠮ᠂ ᠼᠤᠤ ᠹᠧᠢ ᠳ᠋ᠢᠶᠠᠨ ᠭᠠᠷᠠᠮ ᠵᠡᠷᠭᠡ ᠲᠠᠯᠠᠢ ᠳᠠᠭᠠᠤ ᠶᠢᠨ | ᠲᠣᠮᠣ ᠭᠠᠷᠠᠮ ᠯᠤᠭ᠎ᠠ ᠶᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠭᠠᠷᠠᠮ ᠯᠤᠭ᠎ᠠ ᠶᠢᠨ ᠲᠠᠯᠠᠢ ᠲᠡᠮᠦᠷ ᠵᠠᠮ ᠤᠨ | ᠬᠠᠮᠲᠤᠷᠠᠭᠰᠠᠨ ᠲᠡᠭᠡᠭᠡᠪᠦᠷᠢ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤ ᠶᠢᠨ ᠴᠢᠨᠠᠷ ᠲᠠᠢ ᠨᠡᠪᠲᠡᠷᠡᠭᠦᠯᠦᠨ᠎ᠡ᠃ ︵ᠬᠤᠲᠠ ᠶᠢᠨ ᠵᠠᠮ ᠬᠠᠷᠢᠯᠴᠠᠭᠠᠨ ᠤ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠲᠤᠰᠢᠶᠠᠯ | ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 3. ᠡᠩ ᠤᠨ ᠦᠶ᠎ᠡ ᠪᠠ ᠪᠠᠴᠢᠮ ᠪᠠᠶᠢᠳᠠᠯ ᠤᠨ ᠬᠤᠶᠠᠷ ᠬᠡᠷᠡᠭᠴᠡᠭᠡᠲᠦ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ︽ᠡᠩ ᠤᠨ ᠦᠶ᠎ᠡ ᠪᠠ ᠪᠠᠴᠢᠮ ᠪᠠᠶᠢᠳᠠᠯ ᠤᠨ ᠬᠤᠶᠠᠷ ᠬᠡᠷᠡᠭᠴᠡᠭᠡᠲᠦ︾ ᠵᠠᠰᠠᠮᠠᠯ ᠵᠠᠮ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠡᠪ ᠤᠨ ᠪᠠᠶᠢᠳᠠᠯ ᠢᠶᠠᠷ ᠬᠠᠮᠢᠶᠠᠷᠤᠨ ᠠᠷᠠᠴᠢᠯᠠᠵᠤ᠂ ᠵᠠᠮ ᠤᠨ ᠰᠠᠭᠠᠳ ᠦᠭᠡᠢ ᠨᠡᠪᠲᠡᠷᠡᠬᠦ ᠶᠢ | ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠲᠥᠪ᠂ ᠬᠤᠷᠢᠨᠭᠡᠷ ᠤᠨ ᠪᠠᠴᠢᠮ ᠪᠠᠶᠢᠳᠠᠯ ᠢ | ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠨᠥᠭᠡᠴᠡᠯᠡᠬᠦ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠶᠡᠷᠦᠩᠬᠡᠶᠢᠯᠡᠭᠰᠡᠨ | ᠪᠠᠷᠠᠭᠠᠨ ᠤ ᠲᠡᠭᠡᠭᠡᠪᠦᠷᠢ ᠶᠢᠨ ᠬᠦᠢᠰᠦ ᠶᠢᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠳᠤ ᠲᠦᠰᠢᠭᠯᠡᠨ ᠬᠤᠲᠠ ᠶᠢᠨ ᠲᠡᠭᠦᠷᠭᠡ ᠶᠢᠨ ᠲᠣᠮᠣ | ᠬᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠯᠡᠳᠬᠡᠮᠵᠢ᠂ ᠡᠳ᠋ ᠪᠣᠳᠠᠰ ᠪᠠ ᠠᠵᠢᠯᠲᠠᠨ ᠤ | ᠳᠤᠲᠠᠭᠤᠳᠠᠯ ᠢ ᠨᠥᠬᠦᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠳᠠᠮᠵᠢᠭᠤᠯᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠲᠦᠷᠭᠡᠨ ᠤ ᠵᠠᠮ ᠤᠨ ᠦᠢᠯᠡᠴᠢᠯᠡᠭᠡᠨ ᠤ ᠲᠣᠭᠤᠷᠢᠭ ᠢ ᠬᠥᠲᠥᠯᠥᠨ ᠵᠢᠯᠤᠭᠤᠳᠴᠤ ᠡᠷᠬᠢᠨ | ᠲᠣᠭᠤᠷᠢᠨ ᠤ ᠵᠢᠭᠤᠯᠴᠢᠯᠠᠨ ᠰᠠᠭᠤᠵᠤ ᠲᠥᠪᠯᠡᠷᠡᠭᠦᠯᠦᠨ ᠲᠠᠷᠬᠠᠭᠠᠬᠤ ᠰᠠᠭᠤᠷᠢᠨ ᠭᠠᠵᠠᠷ ᠤᠨ ︽ᠡᠩ ᠤᠨ ᠦᠶ᠎ᠡ ᠪᠠ ᠪᠠᠴᠢᠮ ᠪᠠᠶᠢᠳᠠᠯ ᠤᠨ ᠬᠤᠶᠠᠷ | ᠬᠡᠷᠡᠭᠴᠡᠭᠡᠲᠦ︾ ᠴᠢᠳᠠᠪᠤᠷᠢ ᠶᠢ ᠨᠠᠩ ᠰᠠᠶᠢᠲᠤᠷ ᠲᠤᠯᠭᠠᠭᠤᠷᠢᠯᠠᠨ᠎ᠠ᠃ ︽ᠡᠩ ᠤᠨ ᠦᠶ᠎ᠡ ᠪᠠ ᠪᠠᠴᠢᠮ ᠪᠠᠶᠢᠳᠠᠯ ᠤᠨ ᠬᠤᠶᠠᠷ ᠬᠡᠷᠡᠭᠴᠡᠭᠡᠲᠦ︾ ᠴᠢᠳᠠᠮᠵᠢ ᠲᠠᠢ | ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠷᠢᠳᠠᠪᠠᠷ ᠪᠡᠯᠡ ᠮᠥᠩᠭᠦ ᠶᠢᠨ ᠳᠡᠮᠵᠢᠯᠭᠡ | ᠦᠵᠡᠭᠦᠯᠦᠨ᠎ᠡ᠃ ︵ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠣᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ | 1. ᠲᠡᠭᠡᠭᠡᠪᠦᠷᠢ ᠶᠢᠨ ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠲᠡᠮᠦᠷ ᠵᠠᠮ ᠤᠨ ᠲᠡᠭᠡᠭᠡᠪᠦᠷᠢ ᠶᠢᠨ ᠬᠠᠷᠢᠴᠠᠯ ᠢ | ᠲᠦᠷᠭᠡᠨ ᠳᠡᠭᠡᠭᠰᠢᠯᠡᠭᠦᠯᠵᠦ᠂ ᠶᠡᠭᠡ ᠬᠡᠮᠵᠢᠶᠡᠨ ᠤ ᠡᠳ᠋ ᠪᠠᠷᠠᠭ᠎ᠠ ᠵᠢᠴᠢ ᠴᠢᠩᠭᠡᠯᠢᠭ ᠤᠨ ᠳᠤᠮᠳᠠ ᠬᠤᠯᠠ ᠵᠠᠮ ᠤᠨ ᠲᠡᠭᠡᠭᠡᠪᠦᠷᠢ ᠶᠢ ︽ᠵᠠᠰᠠᠮᠠᠯ ᠵᠠᠮ ᠠᠴᠠ ᠲᠡᠮᠦᠷ | ᠵᠠᠮ ᠳᠤ ᠰᠢᠯᠵᠢᠭᠦᠯᠬᠦ︾ ᠶᠢ ᠠᠬᠢᠭᠤᠯᠤᠨ᠂ ᠶᠡᠭᠡ ᠬᠡᠮᠵᠢᠶᠡᠨ ᠤ ᠡᠳ᠋ ᠪᠠᠷᠠᠭ᠎ᠠ ᠶᠢᠨ ︽ᠲᠠᠷᠠᠬᠠᠢ ᠠᠴᠠ ᠲᠥᠪᠯᠡᠷᠡᠭᠰᠡᠨ︾ ᠬᠡᠪᠴᠢᠶ᠎ᠡ ᠶᠢ ᠥᠷᠭᠡᠳᠬᠡᠨ᠎ᠡ᠃ | ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠵᠠᠩᠭᠢᠯᠠᠭ᠎ᠠ ᠶᠢᠨ ᠴᠡᠭ ᠤᠨ ᠪᠠᠶᠢᠷᠢᠰᠢᠭᠤᠯᠤᠯᠲᠠ ᠶᠢ ᠲᠦᠷᠭᠡᠬᠡᠨ ᠲᠡᠭᠦᠯᠳᠡᠷᠵᠢᠭᠦᠯᠵᠦ᠂ ᠨᠢᠭᠡᠨᠲᠡ ᠪᠠᠶᠢᠭ᠎ᠠ | ᠣᠷᠣᠨ ᠪᠦᠰᠡ ᠶᠢᠨ ᠪᠠᠷᠠᠭᠠᠨ ᠤ ᠲᠡᠭᠡᠭᠡᠪᠦᠷᠢ ᠶᠢᠨ ᠪᠡᠯᠡᠳᠬᠡᠮᠵᠢ ᠶᠢᠨ ᠡᠬᠢ ᠪᠠᠶᠠᠯᠢᠭ ᠢ ᠨᠡᠶᠢᠳᠬᠡᠵᠦ᠂ ᠨᠢᠭᠡ ᠪᠦᠯᠦᠭ ᠪᠡᠯᠡᠳᠬᠡᠮᠵᠢ ᠲᠣᠨᠤᠭ ᠲᠥᠬᠦᠭᠡᠷᠦᠮᠵᠢ ᠪᠠᠷ | ᠲᠡᠷᠢᠭᠦᠨ ᠤ᠂ ᠦᠢᠯᠡᠴᠢᠯᠡᠭᠡᠨ ᠤ ᠴᠢᠳᠠᠮᠵᠢ ᠪᠠᠷ ᠪᠦᠷᠢᠨ ᠲᠡᠭᠦᠯᠳᠡᠷ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠢ ᠥᠭᠡᠷᠡᠴᠢᠯᠡᠬᠦ ᠪᠠ ᠰᠢᠨ᠎ᠡ ᠪᠠᠷ ᠪᠠᠶᠢᠭᠤᠯᠵᠤ᠂ ᠲᠥᠪᠯᠡᠷᠡᠭᠦᠯᠵᠦ ᠰᠠᠯᠭᠠᠵᠤ ᠲᠡᠭᠡᠭᠡᠪᠦᠷᠢᠯᠡᠬᠦ ᠰᠢᠰᠲ᠋ᠧᠮ ᠤᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ | ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠮᠠᠯ ᠵᠠᠮ ᠲᠡᠮᠦᠷ ᠵᠠᠮ ᠤᠨ ᠨᠡᠭᠦᠷᠡᠰᠦᠨ ᠤ ᠲᠡᠭᠡᠭᠡᠪᠦᠷᠢ ᠶᠢᠨ ᠵᠢᠱᠢᠶ᠎ᠡ ᠦᠵᠡᠭᠦᠯᠬᠦ | ᠵᠠᠩᠭᠢᠯᠠᠭ᠎ᠠ ᠶᠢᠨ ᠴᠡᠭ ᠤᠨ ᠢᠨᠵᠧᠨᠧᠷᠢᠩ ᠢ ᠪᠦᠲᠦᠭᠡᠨ ᠪᠠᠶᠢᠭᠤᠯᠵᠤ᠂ ᠵᠠᠩᠭᠢᠯᠠᠭ᠎ᠠ ᠶᠢᠨ ᠴᠡᠭ ᠤᠨ ᠢᠨᠵᠧᠨᠧᠷᠢᠩ ᠤᠨ ᠲᠠᠰ ᠳᠡᠪᠰᠢᠭᠦᠯᠦᠨ ᠵᠥᠭᠡᠯᠡᠨ ᠬᠠᠲᠠᠭᠤ | ᠲᠣᠨᠤᠭ ᠤᠨ ᠪᠡᠯᠡᠳᠬᠡᠮᠵᠢ ᠪᠠ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠶᠢ ᠬᠥᠲᠥᠯᠥᠨ ᠵᠢᠯᠤᠭᠤᠳᠴᠤ ᠳᠡᠮᠵᠢᠵᠦ᠂ ᠵᠠᠩᠭᠢᠯᠠᠭ᠎ᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠬᠠᠩᠭᠠᠨ᠎ᠠ᠃ ︵ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | 2. ︽ᠲᠣᠭᠠᠴᠢᠯᠠᠭᠰᠠᠨ ᠡᠬᠡ ᠬᠠᠭᠤᠷᠠᠢ ᠶᠢᠨ ᠭᠠᠷᠠᠮ︾ ᠤᠨ ᠪᠣᠬᠢᠷᠲᠤᠯ ᠦᠭᠡᠢ ᠣᠶᠤᠨᠴᠢ ᠪᠠᠷᠠᠭᠠᠨ ᠤ ᠭᠦᠢᠯᠭᠡᠭᠡᠨ ᠤ ᠵᠠᠭᠪᠤᠷ ᠢ ᠥᠷᠭᠡᠳᠬᠡᠨ᠎ᠡ᠃ | ᠡᠷᠴᠢᠮᠵᠢᠭᠦᠯᠦᠭᠰᠡᠨ᠂ ᠲᠣᠭᠠᠴᠢᠯᠠᠭᠰᠠᠨ᠂ ᠣᠶᠣᠨᠴᠢᠯᠠᠭᠰᠠᠨ᠂ ᠪᠣᠬᠢᠷᠲᠤᠯ ᠦᠭᠡᠢ᠂ ᠳᠣᠣᠷ᠎ᠠ ᠨᠡᠭᠦᠷᠡᠰᠦᠲᠥ᠋ᠷᠥᠭᠴᠢᠲᠦ ᠲᠡᠭᠡᠭᠡᠪᠦᠷᠢ ᠶᠢᠨ ᠬᠥᠭᠵᠢᠯᠲᠡ ᠶᠢᠨ | ᠴᠢᠭᠯᠡᠯ ᠶᠣᠰᠣᠭᠠᠷ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠮᠡᠷᠭᠡᠵᠢᠯ ᠤᠨ | ᠬᠡᠷᠡᠭᠯᠡᠭᠡᠨ ᠤ ᠠᠬᠤᠢ ᠶᠢ ᠶᠡᠬᠡᠪᠡᠷ ᠳᠡᠯᠭᠡᠷᠡᠭᠦᠯᠵᠦ᠂ ︽ᠴᠢᠷᠦᠭᠦᠯ ᠢᠶᠠᠨ ᠬᠠᠶᠠᠬᠤ︾ ︽ᠬᠠᠶᠢᠷᠴᠠᠭ ᠢᠶᠠᠨ ᠬᠠᠶᠠᠬᠤ︾ ᠵᠡᠷᠭᠡ ᠲᠡᠭᠡᠭᠡᠪᠦᠷᠢ ᠶᠢᠨ ᠵᠠᠭᠪᠤᠷ ᠲᠠᠢ | ᠤᠶᠠᠯᠳᠤᠭᠤᠯᠤᠨ᠂ ᠰᠢᠨ᠎ᠡ ᠡᠨᠧᠷᠭᠢ ᠶᠢᠨ ᠲᠡᠭᠡᠭᠡᠪᠦᠷᠢ ᠶᠢᠨ ᠪᠠᠭᠠᠵᠢ ᠶᠢᠨ ᠬᠡᠷᠡᠭᠯᠡᠭᠡᠨ ᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠲᠠᠷᠠᠬᠠᠢ ᠠᠴᠠ | ᠲᠥᠪᠯᠡᠷᠡᠭᠰᠡᠨ + ᠰᠢᠨ᠎ᠡ ᠡᠨᠧᠷᠭᠢ︾ ᠪᠣᠬᠢᠷᠲᠤᠯ ᠦᠭᠡᠢ ᠥᠨᠳᠥᠷ ᠦᠷ᠎ᠡ ᠪᠦᠲᠦᠮᠵᠢᠲᠡᠶ ︽ᠲᠣᠭᠠᠴᠢᠯᠠᠭᠰᠠᠨ ᠡᠬᠡ ᠬᠠᠭᠤᠷᠠᠢ ᠶᠢᠨ ᠭᠠᠷᠠᠮ︾ ᠤᠨ | ᠲᠡᠭᠡᠭᠡᠪᠦᠷᠢ ᠶᠢᠨ ᠵᠠᠭᠪᠤᠷ ᠢ ᠥᠷᠭᠡᠨ ᠢᠶᠠᠷ ᠬᠡᠷᠡᠭᠯᠡᠨ᠎ᠡ᠃ ᠡᠭᠦᠨ ᠤ ᠬᠠᠮᠲᠤ᠂ ᠪᠥᠬᠦ ᠬᠤᠲᠠ ᠶᠢᠨ ᠬᠡᠪᠴᠢᠶᠡᠨ ᠳᠤ ᠰᠢᠨ᠎ᠡ ᠡᠨᠧᠷᠭᠢ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠪᠠᠶᠢᠷᠢᠯᠠᠭᠤᠯᠵᠤ᠂ ᠪᠥᠬᠦ ᠬᠤᠲᠠ ᠶᠢᠨ ︽ᠪᠣᠬᠢᠷᠲᠤᠯ ᠦᠭᠡᠢ ᠳᠣᠣᠷ᠎ᠠ ᠨᠡᠭᠦᠷᠡᠰᠦᠲᠦᠷᠦᠭᠴᠢᠲᠦ | ᠣᠶᠤᠨᠲᠤ ᠪᠠᠷᠠᠭᠠᠨ ᠤ ᠭᠦᠢᠯᠭᠡᠭᠡ︾ ᠶᠢᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ | ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ᠲᠤᠯᠤᠭ᠎ᠠ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠭᠦᠢᠯᠭᠡᠭᠡ ᠳᠤ ᠦᠢᠯᠡᠴᠢᠯᠡᠬᠦ ᠴᠢᠳᠠᠪᠤᠷᠢ ᠶᠢ ᠥᠷᠭᠡᠳᠬᠡᠨ᠎ᠡ | ︵ᠨᠢᠭᠡ︶ ᠮᠥᠩᠭᠦᠨ ᠭᠦᠢᠯᠭᠡᠭᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠨ᠎ᠠ | ᠮᠠᠨ ᠤ ᠬᠤᠲᠠ ᠶᠢᠨ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠵᠤ | ᠲᠣᠬᠢᠷᠠᠭᠤᠯᠤᠨ ᠬᠦᠷᠭᠡᠬᠦ ᠵᠡᠷᠭᠡ ᠡᠯ᠎ᠡ ᠲᠥᠷᠥᠯ ᠤᠨ ᠭᠦᠢᠯᠭᠡᠭᠡᠨ ᠤ ᠠᠵᠤ ᠦᠢᠯᠡᠰ ᠤᠨ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ | ᠭᠦᠢᠯᠭᠡᠭᠡᠨ ᠤ ᠠᠵᠤ ᠦᠢᠯᠡᠰ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠤᠨ᠂ ᠣᠯᠠᠨ ᠠᠷᠭ᠎ᠠ ᠵᠠᠮ ᠣᠯᠠᠨ ᠠᠷᠭ᠎ᠠ ᠮᠠᠶ᠋ᠢᠭ ᠢᠶᠠᠷ ᠮᠥᠩᠭᠦᠨ | ᠭᠦᠢᠯᠭᠡᠭᠡᠨ ᠤ ᠪᠠᠶᠢᠭᠤᠯᠤᠮᠵᠢ ᠳᠤ ᠭᠦᠢᠯᠭᠡᠭᠡᠨ ᠤ ᠠᠵᠤ ᠦᠢᠯᠡᠰ ᠤᠨ ᠲᠥᠷᠥᠯ ᠵᠦᠢᠯ ᠢ ᠲᠠᠨᠢᠯᠴᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ | ᠭᠦᠢᠯᠭᠡᠭᠡᠨ ᠤ ᠠᠵᠤ ᠠᠬᠤᠶᠢᠯᠠᠯ ᠤᠨ ᠣᠨᠴᠠᠯᠢᠭ ᠢ ᠦᠨᠳᠦᠰᠦᠯᠡᠨ ᠥᠪᠡᠷᠮᠢᠴᠡ ᠣᠨᠴᠠᠯᠢᠭ ᠲᠠᠢ ᠪᠡᠯᠡ ᠲᠣᠬᠢᠷᠠᠭᠤᠯᠭ᠎ᠠ ᠶᠢᠨ ᠰᠢᠢᠳᠪᠦᠷᠢᠯᠡᠬᠦ ᠲᠥᠰᠥᠯ | ᠬᠠᠩᠭᠠᠵᠤ᠂ ᠭᠦᠢᠯᠭᠡᠭᠡᠨ ᠤ ᠠᠵᠤ ᠠᠬᠤᠶᠢᠯᠠᠯ ᠳᠤ ᠬᠠᠨᠳᠤᠭᠤᠯᠤᠭᠰᠠᠨ ᠪᠡᠯᠡ ᠲᠣᠬᠢᠷᠠᠭᠤᠯᠬᠤ᠂ ᠳ᠋ᠦᠩᠨᠡᠨ ᠪᠤᠳᠤᠬᠤ ᠵᠡᠷᠭᠡ ᠲᠤᠬᠠᠶᠢᠯᠠᠭᠰᠠᠨ ᠠᠵᠢᠯ ᠢ | ᠪᠠᠶᠠᠯᠢᠭᠵᠢᠭᠤᠯᠬᠤ ᠶᠢ ᠵᠣᠷᠢᠭᠵᠢᠭᠤᠯᠬᠤ ᠶᠢᠨ ᠬᠠᠮᠲᠤ᠂ ᠭᠦᠢᠯᠭᠡᠭᠡᠨ ᠤ ᠠᠵᠤ ᠠᠬᠤᠶᠢᠯᠠᠯ ᠤᠨ ᠡᠯᠧᠺᠲ᠋ᠣᠷᠣᠨᠴᠢᠯᠠᠭᠰᠠᠨ ᠳ᠋ᠦᠩᠨᠡᠨ ᠪᠤᠳᠤᠬᠤ | ᠪᠠᠭᠠᠵᠢ ᠬᠡᠷᠡᠭᠯᠡᠬᠦ ᠶᠢ ᠬᠥᠲᠥᠯᠥᠨ ᠵᠢᠯᠣᠭᠤᠳᠴᠤ᠂ ᠳ᠋ᠦᠩᠨᠡᠨ ᠪᠤᠳᠤᠬᠤ ᠥᠪᠡᠷ ᠤᠨ ᠥᠷᠲᠡᠭ ᠢ ᠪᠠᠭᠤᠷᠠᠭᠤᠯᠤᠨ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠬᠤᠶᠠᠷ︶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ | ᠰᠢᠨ᠎ᠡ ᠪᠠᠷ ᠬᠥᠭᠵᠢᠭᠰᠡᠨ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ᠂ ᠮᠥᠩᠭᠦᠨ ᠭᠦᠢᠯᠭᠡᠭᠡᠨ ᠤ | ᠭᠦᠢᠯᠭᠡᠭᠡᠨ ᠤ ᠠᠵᠤ ᠠᠬᠤᠶᠢᠯᠠᠯ ᠳᠤ ᠦᠢᠯᠡᠴᠢᠯᠡᠬᠦ ᠴᠢᠳᠠᠮᠵᠢ ᠶᠢ ᠴᠢᠩᠭᠠᠷᠠᠭᠤᠯᠤᠨ᠂ ᠪᠥᠬᠦ ᠬᠤᠲᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠬᠡᠬᠤᠲᠠ ᠳᠤ ᠰᠠᠭᠤᠭ᠎ᠠ ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠮᠵᠢᠯᠴᠠᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠨ᠂ ᠪᠠᠩᠬᠢ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠰᠠᠭ ᠮᠥᠩᠭᠦᠨ | ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠣᠯᠠᠨ ᠬᠡᠯᠪᠡᠷᠢ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠮᠥᠩᠭᠦᠨ ᠭᠦᠢᠯᠭᠡᠭᠡ ᠠᠵᠤ | ᠠᠬᠤᠶᠢᠯᠠᠯ ᠤᠨ ᠬᠠᠷᠢᠯᠴᠠᠵᠤ ᠵᠣᠯᠭᠠᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠳᠤ ᠲᠤᠰᠠᠯᠠᠵᠤ᠂ | ᠮᠥᠩᠭᠦᠨ ᠭᠦᠢᠯᠭᠡᠭᠡᠨ ᠠᠴᠠ ᠭᠦᠢᠯᠭᠡᠭᠡᠨ ᠤ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ︵ | ᠬᠤᠲᠠ ᠶᠢᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠬᠠᠷᠢᠭᠤᠴᠠᠨ᠎ᠠ︶ | ᠨᠠᠢᠮᠠ᠂ ᠭᠦᠢᠯᠭᠡᠭᠡᠨ ᠤ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ︵ᠨᠢᠭᠡ︶ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤᠪᠠᠷ ᠬᠡᠷᠡᠭᠯᠡᠬᠦ ᠶᠢ ᠠᠬᠢᠭᠤᠯᠤᠨ᠎ᠠ | ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡᠨ᠂ ᠬᠤᠳᠠᠯᠳᠤᠭᠠᠨ ᠤ ᠶᠠᠪᠤᠳᠠᠯ᠂ ᠰᠢᠤᠳᠠᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠵᠡᠷᠭᠡ ᠭᠦᠢᠯᠭᠡᠭᠡᠨ ᠤ ᠬᠦᠷᠢᠶ᠎ᠡ ᠴᠠᠷᠠᠭ᠎ᠠ ᠵᠢᠴᠢ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠲᠠᠯᠠᠪᠤᠷ ᠭᠠᠵᠠᠷ ᠤᠨ ᠭᠠᠯ ᠰᠡᠷᠭᠡᠶᠢᠯᠡᠬᠦ ᠠᠶᠤᠯᠭᠦᠢ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤᠪᠠᠷ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ᠂ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠬᠠᠤᠯᠢ ᠴᠠᠭᠠᠵᠠ ᠶᠢᠨ ᠰᠢᠭᠦᠨ ᠲᠠᠰᠤᠯᠤᠯᠲᠠ ᠵᠢᠴᠢ ᠭᠦᠢᠴᠡᠳᠬᠡᠬᠦ᠂ ᠬᠦᠨᠳᠦ ᠨᠣᠴᠢᠲᠠᠢ ᠢᠲᠡᠭᠡᠯ ᠠᠯᠳᠠᠭᠰᠠᠨ | ᠭᠤᠣᠯ ᠴᠣᠭᠴᠠ ᠶᠢᠨ ᠨᠡᠷᠡᠰ ᠵᠡᠷᠭᠡ ᠬᠢᠨᠠᠯᠲᠠ ᠬᠠᠮᠢᠶᠠᠷᠤᠯᠲᠠ ᠶᠢᠨ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤᠪᠠᠷ ᠬᠡᠷᠡᠭᠯᠡᠬᠦ ᠶᠢ | ᠭᠤᠣᠯᠳᠠᠯᠭ᠎ᠠ ᠲᠠᠢ ᠠᠬᠢᠭᠤᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ | ᠴᠤᠭᠯᠠᠭᠤᠯᠵᠤ ᠬᠠᠮᠲᠤ ᠪᠠᠷ ᠬᠡᠷᠡᠭᠡᠯᠡᠬᠦ ᠡᠷᠴᠢᠮ ᠢ ᠴᠢᠩᠭᠠᠷᠠᠭᠤᠯᠵᠤ᠂ ︽ᠴᠤᠭᠯᠠᠭᠤᠯᠬᠤ ᠶᠣᠰᠣᠲᠠᠢ ᠶᠢ ᠪᠦᠬᠦᠨ ᠢ ᠴᠤᠭᠯᠠᠭᠤᠯᠵᠤ᠂ ᠢᠯᠡ ᠨᠡᠶᠢᠲᠡᠯᠡᠬᠦ | ᠶᠣᠰᠣᠲᠠᠢ ᠶᠢ ᠨᠢ ᠪᠦᠬᠦᠨ ᠢ ᠢᠯᠡ ᠨᠡᠶᠢᠲᠡᠯᠡᠬᠦ︾ ᠶᠢ ᠪᠡᠶᠡᠯᠡᠭᠦᠯᠦᠨ᠎ᠡ᠃ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠠᠴᠠ | ︽ᠰᠠᠶᠢᠨ ᠳᠤᠷ᠎ᠠ ᠠᠴᠠ ᠪᠠᠨ ᠲᠠᠭᠯᠠᠨ ᠮᠡᠳᠡᠭᠦᠯᠬᠦ + ᠢᠲᠡᠭᠡᠮᠵᠢ ᠶᠢᠨ ᠠᠮᠠᠯᠠᠯᠲᠠ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠰ ᠪᠡᠶ᠎ᠡ ᠶᠢᠨ ᠮᠡᠳᠡᠭᠡ | ᠵᠠᠩᠭᠢ ᠪᠠᠨ ᠨᠥᠬᠦᠪᠦᠷᠢᠯᠡᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠮᠡᠳᠡᠭᠡ ᠵᠠᠩᠭᠢ ᠶᠢ ᠬᠠᠮᠲᠤᠪᠠᠷ ᠬᠡᠷᠡᠭᠯᠡᠬᠦ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠰᠢᠤᠳᠠᠨ ᠤ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠠᠶᠢᠬᠠᠨ ᠪᠣᠭᠤᠮᠲᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | ︵ᠬᠤᠶᠠᠷ︶ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠮᠥᠷᠳᠡᠬᠦ ᠰᠢᠰᠲ᠋ᠧᠮᠵᠢ ᠶᠢ ᠲᠦᠷᠭᠡᠨ ᠪᠠᠶᠢᠭᠤᠯᠤᠨ᠎ᠠ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠮᠥᠷᠳᠡᠬᠦ ᠰᠢᠰᠲ᠋ᠧᠮᠵᠢ ᠶᠢ | ᠪᠠᠶᠢᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠵᠢᠯ ᠲᠥᠷᠥᠯ ᠤᠨ ᠬᠢᠨ ᠠᠴᠠ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠣᠮᠣ ᠳᠤᠮᠳᠠ ᠬᠡᠯᠪᠡᠷᠢ ᠶᠢᠨ ᠬᠤᠳᠠᠯᠳᠤᠭᠠᠨ ᠤ ᠬᠡᠲᠦ | ᠳᠡᠯᠭᠡᠭᠦᠷ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠵᠢᠴᠢ ᠴᠢᠬᠤᠯᠠ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠥᠪᠡᠷ ᠢᠶᠠᠨ ᠪᠦᠲᠦᠭᠡᠭᠳᠡᠬᠦᠨ ᠢ ᠮᠥᠷᠳᠡᠬᠦ ᠰᠢᠰᠲ᠋ᠧᠮ ᠪᠠᠶᠢᠭᠤᠯᠬᠤ ᠶᠢᠨ ᠬᠠᠮᠲᠤ ᠲᠤᠭ᠎ᠠ ᠪᠠᠷᠢᠮᠲᠠ ᠶᠢ ᠬᠠᠮᠲᠤᠪᠠᠷ | ᠬᠡᠷᠡᠭᠯᠡᠬᠦ ᠶᠢ ᠵᠣᠷᠢᠭᠵᠢᠭᠤᠯᠵᠤ᠂ ᠡᠯ᠎ᠡ ᠮᠥᠷᠳᠡᠬᠦ ᠰᠢᠰᠲ᠋ᠧᠮᠵᠢ ᠶᠢ ᠪᠠᠶᠢᠭᠤᠯᠤᠭᠰᠠᠨ ᠭᠤᠣᠯ ᠴᠣᠭᠴᠠ ᠠᠴᠠ ᠨᠡᠶᠢᠭᠡᠮ ᠨᠡᠶᠢᠲᠡ ᠳᠤ ᠬᠠᠨᠳᠤᠭᠤᠯᠤᠭᠰᠠᠨ | ᠮᠥᠷᠳᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ | ᠬᠤᠪᠢᠶᠠᠨ ᠬᠠᠷᠢᠭᠤᠴᠠᠨ᠎ᠠ︶ | ︵ᠭᠤᠷᠪᠠ︶ ᠭᠦᠢᠯᠭᠡᠭᠡᠨ ᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ | ︽ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ ︾ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ︽ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ︾ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠳᠦᠷᠢᠮᠵᠢᠯ ᠵᠢᠷᠤᠮᠵᠢᠯ ᠢ ᠲᠦᠯᠬᠢᠨ ᠠᠬᠢᠭᠤᠯᠤᠨ᠎ᠠ᠃ ᠭᠦᠢᠯᠭᠡᠭᠡᠨ ᠤ ᠬᠦᠷᠢᠶᠡᠨ ᠳᠠᠬᠢ ᠢᠲᠡᠭᠡᠮᠵᠢ ᠶᠢᠨ ᠠᠮᠠᠯᠠᠯᠲᠠ ᠶᠢᠨ | ᠳᠦᠷᠢᠮ᠂ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠦᠬᠦᠨ ᠢ ᠬᠠᠮᠤᠷᠤᠭᠰᠠᠨ᠂ ᠪᠠᠷᠢᠮᠵᠢᠶᠠᠵᠢᠭᠰᠠᠨ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠢᠲᠡᠭᠡᠮᠵᠢ ᠶᠢᠨ ᠦᠨᠡᠯᠡᠯᠲᠡ ᠶᠢ ᠢᠳᠡᠪᠬᠢᠲᠡᠢ ᠥᠷᠨᠢᠭᠦᠯᠵᠦ᠂ ᠢᠲᠡᠭᠡᠮᠵᠢ ᠶᠢ ᠱᠠᠲᠤ ᠬᠤᠪᠢᠶᠠᠨ ᠲᠦᠷᠦᠯ ᠬᠤᠪᠢᠶᠠᠨ ᠬᠢᠨᠠᠨ | ᠬᠠᠮᠢᠶᠠᠷᠬᠤ ᠶᠢ ᠲᠦᠯᠬᠢᠨ ᠠᠬᠢᠭᠤᠯᠤᠨ᠎ᠠ᠃ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ | ᠢᠲᠡᠭᠡᠮᠵᠢ ᠶᠢ ᠰᠡᠷᠭᠦᠭᠡᠬᠦ᠂ ᠣᠨᠳᠣᠣ ᠰᠠᠨᠠᠯ ᠢ ᠰᠢᠢᠳᠪᠦᠷᠢᠯᠡᠬᠦ ᠵᠡᠷᠭᠡ ᠢᠵᠢ ᠪᠦᠷᠢᠳᠦᠭᠦᠯᠬᠦ ᠲᠣᠭᠲᠠᠴᠠ ᠶᠢ ᠪᠦᠷᠢᠨᠰᠢᠭᠦᠯᠦᠨ᠂ ᠢᠲᠡᠭᠡᠮᠵᠢ ᠶᠢᠨ ᠮᠡᠳᠡᠭᠡ | ᠵᠠᠩᠭᠢ ᠶᠢᠨ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠦᠢᠯᠭᠡᠭᠡᠨ ᠤ ᠬᠦᠷᠢᠶᠡᠨ ᠳᠠᠬᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠨ ᠬᠠᠷᠢᠭᠤᠴᠠᠨ᠎ᠠ︶ | | | ᠲᠥᠷᠥ ᠶᠢᠨ ᠪᠣᠳᠣᠯᠭ᠎ᠠ ᠶᠢᠨ ᠲᠠᠶᠢᠯᠤᠮᠵᠢ | | |