ᠬᠥᠬᠡᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/4/29
ᠬᠥᠬᠡᠬᠤᠲᠠ ᠵᠠᠰᠠᠭ ᠠᠯᠪᠠᠨ ᠲᠠᠷᠬᠠᠭᠠᠭᠰᠠᠨ  ﹇2024﹈ 12 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠬᠥᠬᠡᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠲᠤᠭᠠᠢ᠃      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2024 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ                                                 ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ᠬᠥᠬᠡᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ      ︽3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 15 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠪᠬᠢ ᠦᠷᠡᠵᠢᠯ ᠤᠨ ᠳᠡᠮᠵᠢᠯᠭᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 16 ᠰᠠᠯᠠᠭ᠎ᠠ ᠮᠥᠴᠢᠷ ᠤᠨ ᠮᠡᠳᠡᠭᠳᠡᠯ︾ ︵ᠥᠪᠥᠷ ᠬᠠᠮᠠᠭᠠᠯᠠᠯ ᠵᠢᠷᠤᠮᠵᠢᠯ ﹇2022﹈ 4 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠠᠢ ᠭᠡᠷ ᠪᠦᠯᠢ ᠶᠢᠨ ᠣᠯᠠᠨ ᠶᠠᠩᠵᠤ ᠶᠢᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠮᠠᠨ ᠤ ᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠭᠡᠷ ᠪᠦᠯᠢ ᠶᠢᠨ ᠬᠡᠦᠬᠡᠳ ᠥᠰᠬᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠭᠠᠶᠢᠯᠢ ᠲᠤᠰᠢᠶᠠᠭᠴᠢ ᠶᠢᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠬᠤ ᠬᠠᠮᠢᠶ᠎ᠠ ᠪᠦᠬᠦᠢ ᠵᠠᠷᠤᠯᠭ᠎ᠠ ᠶᠢ ᠨᠢᠯᠬ᠎ᠠ ᠬᠡᠦᠬᠡᠳ ᠨᠢᠭᠡᠪᠦᠷᠢ ᠰᠠᠷ᠎ᠠ ᠪᠦᠷᠢ 2000 ᠲᠥᠭᠦᠷᠢᠭ ᠤᠨ ᠪᠠᠷᠢᠮᠵᠢᠶ᠎ᠠ ᠨᠤᠷᠮ᠎ᠠ ᠪᠠᠷ ᠬᠠᠰᠤᠨ᠎ᠠ᠃ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠬᠥᠬᠡᠬᠤᠲᠠ ᠶᠢᠨ ᠡᠷᠦᠬᠡ ᠠᠮᠠ ᠲᠠᠢ ᠭᠡᠷ ᠪᠦᠯᠢ ᠳᠤ 5000 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠬᠡᠦᠬᠡᠳ ᠠᠰᠠᠷᠠᠬᠤ ᠨᠥᠬᠦᠪᠦᠷᠢ ᠮᠥᠩᠭᠦ ᠣᠯᠭᠤᠨ᠎ᠠ︔ ᠬᠡᠦᠬᠡᠳ ᠰᠠᠭᠠᠲᠠᠭᠤᠯᠬᠤ ᠭᠠᠵᠠᠷ ᠬᠦᠷᠭᠡᠵᠦ ᠪᠠᠶᠢᠭ᠎ᠠ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠠᠢ ᠭᠡᠷ ᠪᠦᠯᠢ ᠶᠢᠨ ᠬᠥᠮᠥᠨ ᠪᠦᠷᠢ ᠳᠤ ᠵᠢᠯ ᠳᠤ 600 ᠲᠥᠭᠦᠷᠢᠭ ᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠠᠰᠠᠷᠠᠭᠤᠯᠬᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶      ᠬᠤᠶᠠᠷ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠣᠯᠠᠨ ᠬᠡᠦᠬᠡᠳ ᠲᠠᠢ ᠭᠡᠷ ᠪᠦᠯᠢ ᠥᠪᠡᠷᠲᠡᠭᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ ᠪᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠳᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠶᠢᠨ ᠰᠠᠭᠤᠷᠢᠨ ᠳᠡᠭᠡᠷ᠎ᠡ 10% ᠪᠠᠷ ᠨᠡᠮᠡᠭᠳᠡᠭᠦᠯᠦᠨ᠎ᠡ᠂ ᠲᠤᠬᠠᠶᠢᠯᠠᠪᠠᠯ ᠬᠤᠶᠠᠷ ᠲᠠᠯ᠎ᠠ ᠪᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ ᠪᠠᠶᠢᠪᠠᠯ᠂ ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ ᠨᠢ 110 ᠲᠦᠮᠡᠨ ᠲᠥᠭᠦᠷᠢᠭ ᠪᠣᠯᠣᠨ᠎ᠠ︔ ᠭᠠᠭᠴᠠ ᠲᠠᠯ᠎ᠠ ᠠᠴᠠ ᠪᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠪᠠᠯ᠂ ᠵᠢᠭᠡᠯᠡᠯᠭᠡ ᠶᠢᠨ ᠬᠠᠮᠤᠭ ᠥᠨᠳᠥᠷ ᠲᠤᠭ᠎ᠠ ᠨᠢ 66 ᠲᠦᠮᠡᠨ ᠲᠥᠭᠦᠷᠢᠭ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠭᠤᠷᠪᠠ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠡᠷᠡᠭᠯᠡᠬᠦ ᠤᠰᠤ᠂ ᠴᠠᠬᠢᠯᠭᠠᠨ᠂ ᠬᠡᠢ᠂ ᠢᠯᠴᠢ ᠳᠤ ᠰᠠᠭᠤᠭᠠᠯᠢ ᠠᠷᠠᠳ ᠤᠨ ᠠᠮᠢᠳᠤᠷᠠᠯ ᠤᠨ ᠲᠥᠷᠥᠯ ᠤᠨ ᠦᠨ᠎ᠡ ᠬᠠᠩᠰᠢ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠂ ᠴᠦᠨ ᠬᠤᠸᠠ ᠤᠰᠤᠨ ᠤ ᠶᠠᠪᠤᠳᠠᠯ ᠤᠨ ᠺᠣᠮᠫᠠᠨᠢ︶      ᠳᠥᠷᠪᠡ᠂ ᠭᠡᠷ ᠪᠦᠯᠢ ᠶᠢᠨ ᠬᠡᠦᠬᠡᠳ ᠠᠰᠠᠷᠠᠬᠤ ᠳᠡᠮᠵᠢᠯᠭᠡ ᠶᠢ ᠨᠡᠮᠡᠭᠳᠡᠭᠦᠯᠦᠨ᠎ᠡ᠃ ᠬᠠᠤᠯᠢ ᠶᠣᠰᠣᠭᠠᠷ ᠬᠡᠦᠬᠡᠳ ᠠᠪᠤᠭᠰᠠᠨ ᠭᠡᠷ ᠪᠦᠯᠢ ᠳᠤ᠂ ᠨᠢᠭᠡᠳᠦᠭᠡᠷ᠂ ᠬᠤᠶᠠᠳᠤᠭᠠᠷ ᠬᠡᠦᠬᠡᠳ ᠠᠪᠬᠤ ᠳᠤ ︽98 ᠡᠳᠦᠷ + 2 ᠰᠠᠷ᠎ᠠ︾ ᠶᠢᠨ ᠬᠥᠩᠭᠡᠵᠢᠯᠲᠡ ᠶᠢᠨ ᠴᠢᠯᠦᠭᠡ᠂ ᠭᠤᠷᠪᠠᠳᠤᠭᠠᠷ ᠬᠡᠦᠬᠡᠳ ᠠᠪᠬᠤ ᠳᠤ ︽98 ᠡᠳᠦᠷ + 3 ᠰᠠᠷ᠎ᠠ︾ ᠶᠢᠨ ᠬᠥᠩᠭᠡᠵᠢᠯᠲᠡ ᠶᠢᠨ ᠴᠢᠯᠦᠭᠡ᠂ ᠡᠷᠡᠭᠲᠡᠢ ᠲᠠᠯ᠎ᠠ ᠳᠤ 25 ᠡᠳᠦᠷ ᠤᠨ ᠰᠤᠪᠢᠯᠠᠯᠲᠠ ᠶᠢᠨ ᠴᠢᠯᠦᠭᠡ ᠥᠭᠴᠦ᠂ ᠦᠷ᠎ᠡ ᠬᠡᠦᠬᠡᠳ ᠨᠢ ᠪᠦᠬᠦᠯᠢ 3 ᠨᠠᠰᠤ ᠬᠦᠷᠬᠦ ᠠᠴᠠ ᠡᠮᠦᠨ᠎ᠡ ᠵᠢᠯ ᠪᠦᠷᠢ ᠡᠷ᠎ᠡ ᠡᠮ᠎ᠡ ᠬᠤᠶᠠᠷ ᠲᠠᠯ᠎ᠠ ᠳᠤ ᠲᠣᠰ ᠲᠣᠰ 10 ᠡᠳᠦᠷ ᠤᠨ ᠬᠡᠦᠬᠡᠳ ᠠᠰᠠᠷᠠᠬᠤ ᠴᠢᠯᠦᠭᠡ ᠥᠭᠴᠦ᠂ ᠠᠮᠠᠷᠠᠯᠲᠠ ᠶᠢᠨ ᠬᠤᠭᠤᠴᠠᠭᠠᠨ ᠳᠠᠬᠢ ᠴᠠᠯᠢᠩ᠂ ᠠᠰᠠᠷᠠᠮᠵᠢ ᠵᠡᠷᠭᠡ ᠬᠠᠷᠠᠭᠠᠯᠵᠠᠯ ᠢ ᠬᠤᠪᠢᠷᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠲᠠᠪᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠳᠡᠮᠵᠢᠨ᠎ᠡ᠃ ᠳᠠᠩᠰᠠᠯᠠᠭᠤᠯᠤᠭᠰᠠᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ᠂ ᠬᠡᠦᠬᠡᠳ ᠤᠨ ᠣᠷᠣ ᠨᠢᠭᠡᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠣᠯᠭᠤᠨ᠎ᠠ︔ ᠳᠠᠩᠰᠠᠯᠠᠭᠤᠯᠤᠭᠰᠠᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠪᠣᠳᠠᠲᠠᠢ ᠢᠷᠡᠭᠰᠡᠨ ᠬᠡᠦᠬᠡᠳ ᠤᠨ ᠲᠤᠭ᠎ᠠ ︵ᠰᠠᠷ᠎ᠠ ᠶᠢᠨ ᠳᠤᠮᠳᠠᠴᠢ ᠢᠷᠡᠭᠰᠡᠨ ᠲᠤᠭ᠎ᠠ︶ ᠪᠠᠷ ᠬᠥᠮᠥᠨ ᠪᠦᠷᠢ ᠵᠢᠯ ᠳᠤ 100 ᠲᠥᠭᠦᠷᠢᠭ ᠤᠨ ᠡᠵᠡᠩᠨᠡᠯᠲᠡ ᠶᠢᠨ ᠨᠥᠬᠦᠪᠦᠷᠢ ᠨᠥᠬᠦᠪᠦᠷᠢᠯᠡᠨ᠎ᠡ︔ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠵᠢᠱᠢᠶ᠎ᠡ ᠦᠵᠡᠭᠦᠯᠬᠦ ᠪᠠᠶᠢᠭᠤᠯᠤᠮᠵᠢ ᠳᠤ ᠨᠢᠭᠡ ᠤᠳᠠᠭ᠎ᠠ ᠶᠢᠨ ᠴᠢᠨᠠᠷᠲᠠᠢ 5 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠵᠢᠷᠭᠤᠭ᠎ᠠ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠠᠰᠠᠷᠠᠬᠤ ᠬᠥᠭᠵᠢᠯᠲᠡ ᠶᠢ ᠠᠬᠢᠭᠤᠯᠤᠨ᠎ᠠ᠃ ᠥᠨᠥᠴᠢᠨ ᠬᠡᠦᠬᠡᠳ᠂ ᠵᠡᠮᠳᠡᠭ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠵᠦᠢᠯ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠦᠨᠳᠦᠰᠦᠨ ᠠᠮᠢᠳᠤᠷᠠᠯ ᠤᠨ ᠨᠠᠭᠠᠲᠤ ᠵᠠᠬ᠎ᠠ ᠶᠢᠨ ᠠᠰᠠᠷᠠᠨ ᠲᠡᠵᠢᠭᠡᠬᠦ ᠪᠠᠷᠢᠮᠵᠢᠶ᠎ᠠ ᠶᠢ ᠵᠢᠯ ᠪᠦᠷᠢ 26400 ᠲᠥᠭᠦᠷᠢᠭ ᠬᠦᠷᠭᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠳᠣᠯᠤᠭ᠎ᠠ᠂ ᠭᠠᠶᠢᠯᠢ ᠰᠦᠢᠳᠬᠡᠯ ᠤᠨ ᠬᠠᠷᠠᠭᠠᠯᠵᠠᠯ ᠢ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠭᠠᠳ ᠣᠯᠣᠭᠰᠠᠨ ᠣᠷᠣᠯᠭ᠎ᠠ ᠠᠴᠠ ᠥᠷᠲᠡᠭ ᠤᠨ ᠨᠡᠮᠡᠭᠳᠡᠯ ᠭᠠᠶᠢᠯᠢ ᠲᠠᠲᠠᠪᠤᠷᠢᠯᠠᠬᠤ ᠦᠭᠡᠢ᠂ ᠭᠠᠶᠢᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢᠨ ᠲᠤᠭ᠎ᠠ ᠶᠢ ᠪᠤᠳᠤᠬᠤ ᠦᠶ᠎ᠡ ᠳᠤ᠂ ᠬᠠᠰᠤᠭᠠᠳ 90% ᠪᠠᠷ ᠣᠷᠣᠯᠭ᠎ᠠ ᠶᠢᠨ ᠶᠡᠷᠦᠩᠬᠡᠢ ᠲᠣᠭᠠᠨ ᠳᠤ ᠪᠤᠳᠤᠵᠤ ᠣᠷᠣᠭᠤᠯᠤᠨ᠎ᠠ︔ ᠵᠠᠯᠭᠠᠮᠵᠢᠯᠠᠭᠰᠠᠨ ᠭᠡᠷ ᠪᠠᠶᠢᠰᠢᠩ᠂ ᠭᠠᠵᠠᠷ ᠰᠢᠷᠣᠢ ᠶᠢ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠳᠤ ᠬᠡᠷᠡᠭᠯᠡᠭᠰᠡᠨ ᠪᠠᠶᠢᠪᠠᠯ᠂ ᠭᠡᠷ᠎ᠡ ᠶᠢᠨ ᠭᠠᠶᠢᠯᠢ ᠲᠠᠲᠠᠪᠤᠷᠢᠯᠠᠬᠤ ᠦᠭᠡᠢ︔ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠭᠡᠷ ᠬᠥᠷᠥᠩᠭᠡ᠂ ᠭᠠᠵᠠᠷ ᠰᠢᠷᠣᠢ ᠠᠴᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠵᠠᠷᠤᠳᠠᠯ᠂ ᠲᠠᠷᠢᠶᠠᠨ ᠭᠠᠵᠠᠷ ᠢ ᠬᠠᠭᠠᠯᠪᠤᠷᠢᠯᠠᠬᠤ ᠵᠠᠷᠤᠳᠠᠯ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠠᠷᠤᠳᠠᠯ᠂ ᠭᠠᠵᠠᠷ ᠰᠢᠷᠣᠢ ᠶᠢ ᠰᠤᠯᠠ ᠲᠠᠯᠪᠢᠬᠤ ᠵᠠᠷᠤᠳᠠᠯ ᠲᠠᠲᠠᠪᠤᠷᠢᠯᠠᠬᠤ ᠦᠭᠡᠢ︔ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ ᠲᠠᠲᠠᠪᠤᠷᠢᠯᠠᠬᠤ ᠦᠭᠡᠢ︔ ᠨᠡᠶᠢᠭᠡᠮ ᠲᠣᠭᠤᠷᠢᠭ ᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠪᠠᠶᠢᠭᠤᠯᠤᠮᠵᠢ ᠶᠢᠨ ᠥᠪᠡᠷ ᠤᠨ ᠬᠢᠨᠢ ᠪᠤᠶᠤ ᠲᠡᠭᠦᠨ ᠤ ᠲᠦᠷᠢᠶᠡᠰᠦᠯᠡᠬᠦ᠂ ᠦᠨ᠎ᠡ ᠲᠥᠯᠥᠪᠦᠷᠢ ᠦᠭᠡᠢ ᠪᠠᠷ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠣᠯᠣᠭᠰᠠᠨ ᠪᠥᠭᠡᠳ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠳᠤ ᠬᠡᠷᠡᠭᠯᠡᠭᠰᠡᠨ ᠭᠡᠷ ᠬᠥᠷᠥᠩᠭᠡ᠂ ᠭᠠᠵᠠᠷ ᠰᠢᠷᠣᠢ ᠠᠴᠠ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠲᠠᠲᠠᠪᠤᠷᠢᠯᠠᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠨᠠᠢᠮᠠ᠂ ᠬᠡᠦᠬᠡᠳ ᠰᠠᠭᠠᠲᠠᠭᠤᠯᠬᠤ ᠴᠢᠳᠠᠪᠤᠷᠢᠲᠠᠨ ᠤ ᠡᠩᠨᠡᠭᠡ ᠶᠢ ᠶᠡᠬᠡᠪᠡᠷ ᠬᠥᠮᠥᠵᠢᠭᠦᠯᠦᠨ᠎ᠡ᠃ ᠬᠡᠦᠬᠡᠳ ᠠᠰᠠᠷᠠᠭᠴᠢ᠂ ᠬᠡᠦᠬᠡᠳ ᠬᠥᠮᠥᠵᠢᠭᠦᠯᠦᠭᠴᠢ ᠵᠡᠷᠭᠡ ᠶᠢ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠠᠵᠢᠯ ᠮᠡᠷᠭᠡᠵᠢᠯ ︵ᠠᠵᠢᠯ ᠲᠥᠷᠥᠯ︶ ᠪᠣᠯᠭᠠᠵᠤ᠂ ᠮᠠᠨ ᠤ ᠬᠤᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠤᠨ᠂ ᠪᠣᠯᠪᠠᠰᠤᠷᠠᠭᠤᠯᠤᠯ ᠤᠨ ᠴᠠᠭ ᠬᠤᠭᠤᠴᠠᠭ᠎ᠠ ᠵᠢᠴᠢ ᠪᠣᠯᠪᠠᠰᠤᠷᠠᠭᠤᠯᠤᠯ ᠤᠨ ᠨᠥᠬᠦᠪᠦᠷᠢ ᠶᠢᠨ ᠪᠠᠷᠢᠮᠵᠢᠶ᠎ᠠ ᠶᠣᠰᠣᠭᠠᠷ ᠪᠥᠬᠦ ᠲᠤᠭ᠎ᠠ ᠪᠠᠷ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠶᠢᠰᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠎ᠡ᠃ ᠣᠯᠠᠨ ᠰᠠᠯᠠᠭ᠎ᠠ ᠮᠥᠴᠢᠷ ᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠪᠦᠷᠢᠳᠬᠡᠵᠦ ᠳᠠᠩᠰᠠᠯᠠᠬᠤ ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠠᠷᠠᠭᠠᠯᠵᠠᠭᠰᠠᠨ ᠠᠵᠢᠯ ᠤᠨ ᠲᠤᠰᠢᠶᠠᠯ ᠬᠠᠷᠢᠭᠤᠴᠠᠯᠭ᠎ᠠ᠂ ᠬᠢᠨᠠᠨ ᠵᠥᠪᠰᠢᠶᠡᠷᠡᠬᠦ ᠠᠭᠤᠯᠭ᠎ᠠ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠂ ᠬᠢᠨᠠᠨ ᠵᠥᠪᠰᠢᠶᠡᠷᠡᠬᠦ ᠴᠤᠪᠤᠷᠠᠯ ᠤᠨ ᠶᠣᠰᠣᠭᠠᠷ ᠲᠦᠷᠭᠡᠨ ᠭᠦᠢᠴᠡᠳᠬᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠠᠷᠪᠠ᠂ ᠭᠡᠷ ᠪᠦᠯᠢ ᠶᠢᠨ ᠨᠢᠯᠬ᠎ᠠ ᠬᠡᠦᠬᠡᠳ ᠢ ᠠᠰᠠᠷᠠᠬᠤ ᠵᠢᠯᠣᠭᠤᠳᠤᠯᠭ᠎ᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠭᠡᠷ ᠪᠦᠯᠢ ᠶᠢᠨ ᠬᠡᠦᠬᠡᠳ ᠬᠦᠮᠦᠵᠢᠭᠦᠯᠬᠦ ᠶᠢ ᠵᠢᠯᠤᠭᠤᠳᠬᠤ ᠦᠢᠯᠡᠴᠢᠯᠡᠭᠡᠨ ᠤ ᠥᠷᠲᠡᠭᠡ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠦᠰᠢᠭᠯᠡᠨ ᠬᠡᠦᠬᠡᠳ ᠬᠦᠮᠦᠵᠢᠭᠦᠯᠬᠦ ᠶᠢ ᠵᠢᠯᠤᠭᠤᠳᠬᠤ ᠦᠢᠯᠡᠴᠢᠯᠡᠭᠡ ᠥᠷᠨᠢᠭᠦᠯᠵᠦ᠂ ᠭᠡᠷ ᠪᠦᠯᠢ ᠳᠤ ᠨᠢᠯᠬ᠎ᠠ ᠬᠡᠦᠬᠡᠳ ᠢ ᠠᠰᠠᠷᠠᠬᠤ ᠵᠢᠯᠣᠭᠤᠳᠤᠯᠭ᠎ᠠ ᠪᠠ ᠬᠠᠮᠢᠶ᠎ᠠ ᠪᠦᠬᠦᠢ ᠮᠡᠳᠡᠯᠭᠡ ᠶᠢᠨ ᠪᠣᠯᠪᠠᠰᠤᠷᠠᠭᠤᠯᠤᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠠᠷᠪᠠᠨ ᠨᠢᠭᠡ᠂ ︽ᠡᠮᠴᠢᠯᠡᠭᠡ ᠪᠠ ᠬᠥᠮᠦᠵᠢᠯ ᠢ ᠤᠶᠠᠯᠳᠤᠭᠤᠯᠬᠤ︾ ᠶᠢ ᠠᠬᠢᠭᠤᠯᠤᠨ᠎ᠠ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠦᠰᠢᠭᠯᠡᠨ ︽ᠡᠮᠴᠢᠯᠡᠭᠡ ᠪᠠ ᠬᠥᠮᠦᠵᠢᠯ ᠢ ᠤᠶᠠᠯᠳᠤᠭᠤᠯᠬᠤ︾ ᠭᠡᠷ᠎ᠡ ᠲᠣᠭᠲᠠᠬᠤ ᠦᠢᠯᠡᠴᠢᠯᠡᠭᠡ ᠥᠷᠨᠢᠭᠦᠯᠵᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠡᠷᠡᠭᠦᠯ ᠬᠠᠮᠠᠭᠠᠯᠠᠯ ᠡᠷᠡᠭᠦᠯᠵᠢᠯ ᠤᠨ ᠠᠵᠢᠯ ᠤᠨ ᠵᠢᠯᠣᠭᠤᠳᠤᠯᠭ᠎ᠠ ᠪᠠ ᠨᠢᠯᠬ᠎ᠠ ᠬᠡᠦᠬᠡᠳ ᠤᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠠᠷᠪᠠᠨ ᠬᠤᠶᠠᠷ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠠᠴᠠ ᠬᠡᠦᠬᠡᠳ ᠰᠠᠭᠠᠲᠠᠭᠤᠯᠬᠤ ᠠᠩᠭᠢ ᠪᠠᠶᠢᠭᠤᠯᠵᠤ᠂ ᠬᠡᠦᠬᠡᠳ ᠰᠠᠭᠠᠲᠠᠭᠤᠯᠬᠤ ᠪᠠ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠨᠥᠬᠦᠴᠡᠯ ᠲᠠᠢ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠰᠤᠯᠠ ᠲᠠᠯᠪᠢᠵᠤ ᠪᠠᠶᠢᠭ᠎ᠠ ᠠᠵᠢᠯᠯᠠᠬᠤ ᠭᠠᠵᠠᠷ ᠢᠶᠠᠨ ᠠᠰᠢᠭᠯᠠᠨ ᠲᠤᠰᠠᠭᠠᠷ ᠪᠤᠶᠤ ᠬᠠᠮᠢᠶ᠎ᠠ ᠪᠦᠬᠦᠢ ᠨᠢᠭᠡᠴᠢ ᠲᠠᠢ ᠬᠠᠮᠲᠤᠷᠠᠨ ᠡᠷᠭᠢᠯᠡᠬᠦ ᠠᠷᠭ᠎ᠠ ᠮᠠᠶ᠋ᠢᠭ ᠢᠶᠠᠷ ᠠᠵᠢᠯᠲᠠᠨ ᠠᠵᠢᠯᠴᠢᠨ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠳᠡᠮᠵᠢᠵᠦ᠂ ᠬᠡᠷᠡᠭᠰᠡᠬᠦ ᠲᠠᠯᠠᠪᠠᠶ ᠶᠢ ᠨᠢᠭᠡᠴᠢ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠶᠡᠷᠦᠩᠬᠡᠢ ᠬᠡᠷᠡᠭᠯᠡᠬᠦ ᠲᠠᠯᠠᠪᠠᠶ ᠳᠤ ᠪᠤᠳᠤᠵᠤ ᠣᠷᠣᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ