ᠬᠥᠬᠡᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/4/29
ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2024﹈ 5 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃                      ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                      2024 ᠣᠨ ᠤ 3 ᠳ᠋ᠤᠭᠠᠷ ᠰᠠᠷ᠎ᠠ ᠶᠢᠨ 5 ᠤ ᠡᠳᠦᠷ                      ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠨ᠎ᠡ︶ᠬᠥᠬᠡᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ       ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠷᠭᠡᠳᠬᠡᠵᠦ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠲᠠᠰ ᠳᠡᠪᠰᠢᠭᠦᠯᠵᠦ᠂ ᠮᠠᠨ ᠤ ᠬᠤᠲᠠ ᠶᠢᠨ ᠦᠢᠯᠡᠳᠬᠦ ᠦᠢᠯᠡᠰ ᠤᠨ ᠳᠡᠭᠡᠳᠦ ᠲᠠᠰ ᠤᠨ ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠳᠣᠣᠷᠠᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠠᠵᠤ ᠦᠢᠯᠡᠰ ᠤᠨ ᠳᠡᠭᠡᠳᠦ ᠲᠠᠰ ᠤᠨ ᠬᠥᠭᠵᠢᠯᠲᠡ ᠶᠢ ᠠᠬᠢᠭᠤᠯᠤᠨ᠎ᠠ      ︵ᠨᠢᠭᠡ︶ ᠲᠡᠷᠢᠭᠦᠨ ᠤ ᠦᠢᠯᠡᠳᠬᠦ ᠦᠢᠯᠡᠰ ᠤᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠳᠡᠮᠵᠢᠨ᠎ᠡ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠣᠶᠢᠵᠢᠭᠤᠯᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠠᠵᠤ ᠦᠢᠯᠡᠰ ᠤᠨ ᠪᠥᠭᠡᠮᠨᠡᠷᠡᠯ ᠵᠦᠭ ᠬᠥᠭᠵᠢᠭᠦᠯᠵᠦ᠂ ᠪᠥᠭᠡᠮᠨᠡᠷᠡᠯ ᠤᠨ ᠳᠣᠲᠣᠷᠠᠬᠢ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠴᠢᠬᠤᠯᠠ ᠶᠡᠭᠡ ᠲᠥᠷᠥᠯ ᠵᠦᠢᠯ ᠳᠤ ᠵᠢᠭᠡᠯᠡᠯᠭᠡ ᠶᠢᠨ ᠪᠣᠳᠠᠲᠠᠢ ᠬᠦᠦ ᠮᠥᠩᠭᠦ ᠶᠢᠨ 30% ᠪᠠᠷ ᠳᠠᠮ ᠬᠦᠦ ᠶᠢᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠵᠢᠯ ᠪᠦᠷᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠦᠷᠭᠦᠯᠵᠢᠯᠡᠨ 3 ᠵᠢᠯ ᠨᠥᠬᠦᠪᠦᠷᠢᠯᠡᠨ᠎ᠡ᠃ ᠰᠢᠨ᠎ᠡ ᠪᠠᠷ ᠡᠯ᠎ᠡ ᠲᠥᠷᠥᠯ ᠤᠨ ᠤᠯᠤᠰ ᠤᠨ ᠲᠠᠰ ︵ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠶᠠᠮᠤᠨ︶ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠨᠡᠷ᠎ᠡ ᠣᠯᠣᠭᠰᠠᠨ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠬᠦ ᠦᠭᠡᠢ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠨ᠎ᠠ᠃      ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠳᠠᠪᠤᠷᠢ ᠶᠢᠨ ᠲᠠᠰ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠳᠤ ᠠᠩᠬ᠎ᠠ ᠣᠷᠣᠭᠰᠠᠨ ᠠᠵᠤ ᠠᠬᠤᠶᠢᠯᠠᠯ ᠳᠤ ︽ᠬᠡᠪᠴᠢᠶᠡᠵᠢᠯ ᠳᠤ ᠣᠷᠣᠬᠤ︾ 60 ᠲᠦᠮᠡᠨ ᠲᠥᠭᠦᠷᠢᠭ ᠤᠨ ᠱᠠᠩᠨᠠᠯ ᠣᠯᠭᠤᠨ᠂ ᠭᠤᠷᠪᠠᠨ ᠵᠢᠯ ᠳᠤ 10 ᠲᠦᠮᠡ᠂ 20 ᠲᠦᠮᠡ᠂ 30 ᠲᠦᠮᠡ ᠪᠠᠷ ᠪᠡᠯᠡᠨ ᠵᠣᠭᠤᠰ ᠰᠣᠯᠢᠵᠤ᠂ ᠳᠤᠮᠳᠠ ᠠᠴᠠ ᠨᠢ ᠬᠡᠪᠴᠢᠶᠡᠵᠢᠯ ᠠᠴᠠ ᠭᠠᠷᠬᠤ ᠵᠢᠴᠢ ᠳᠠᠬᠢᠨᠲᠠ ᠬᠡᠪᠴᠢᠶᠡᠵᠢᠯ ᠳᠤ ᠣᠷᠣᠭᠰᠠᠨ ᠢ ᠱᠠᠩᠨᠠᠬᠤ ᠦᠭᠡᠢ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠥᠷᠳᠡᠭ ᠨᠢ 50 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ᠂ 30 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ᠂ 10 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ᠂ 5 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠳᠤ ᠲᠤᠰ ᠲᠤᠰ 300 ᠲᠦᠮᠡᠨ ᠲᠥᠭᠦᠷᠢᠭ᠂ 200 ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃      ︵ᠭᠤᠷᠪᠠ︶ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠬᠤ ᠶᠢ ᠳᠡᠮᠵᠢᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ 800 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠶᠠᠭ ᠠᠵᠤ ᠦᠢᠯᠡᠰᠵᠢᠭᠦᠯᠵᠦ ᠪᠠᠶᠢᠭ᠎ᠠ ᠲᠥᠷᠥᠯ ᠵᠦᠢᠯ ᠳᠤ ᠪᠡᠯᠡ ᠣᠷᠣᠭᠤᠯᠤᠯᠲᠠ ᠶᠢᠨ ᠲᠣᠭᠠᠨ ᠤ 20% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠣᠰ ᠬᠤᠲᠠ ᠳᠤ ᠰᠢᠯᠵᠢᠨ ᠢᠷᠡᠭᠰᠡᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ᠪᠢᠴᠢᠬᠠᠨ ᠠᠪᠤᠷᠭᠤ ᠬᠥᠮᠥᠨ︾ ᠠᠵᠤ ᠠᠬᠤᠶᠢᠯᠠᠯ᠂ ᠦᠢᠯᠡᠳᠬᠦ ᠦᠢᠯᠡᠰ ᠤᠨ ᠭᠠᠭᠴᠠ ᠵᠦᠢᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ ᠳᠤ ᠲᠣᠰ ᠲᠣᠰ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠯ ᠬᠥᠭᠵᠢᠯᠲᠡ ᠶᠢᠨ ᠬᠥᠳᠡᠯᠭᠡᠭᠡᠨ ᠤ ︽ᠵᠠᠷᠯᠠᠯ ᠨᠡᠶᠢᠲᠡᠯᠡᠬᠦ︾ ᠨᠡᠷᠡᠰ ᠲᠤ ᠰᠣᠩᠭᠤᠭᠳᠠᠭᠰᠠᠨ ᠰᠢᠯᠢᠳᠡᠭ ᠳᠤᠮᠳᠠ ᠵᠢᠵᠢᠭ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃      ︵ᠳᠥᠷᠪᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠩᠭᠦᠢ ᠡᠷᠴᠢᠮᠯᠢᠭ ᠬᠥᠭᠵᠢᠯᠲᠡ ᠶᠢ ᠳᠡᠮᠵᠢᠨ᠎ᠡ᠃ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠬᠢᠷᠢ ᠲᠦᠪᠰᠢᠨ ᠳᠤ ᠣᠨ ᠤ ᠬᠢᠨᠠᠨ ᠰᠢᠯᠭᠠᠯᠲᠠ ᠦᠨᠡᠯᠡᠯᠲᠡ ᠬᠢᠬᠦ ᠶᠢᠨ ᠬᠠᠮᠲᠤ ᠣᠨ ᠤ ᠬᠢᠨᠠᠨ ᠰᠢᠯᠭᠠᠵᠤ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠪᠥᠬᠦ ᠬᠤᠲᠠ ᠶᠢᠨ ᠬᠢᠨᠠᠨ ᠰᠢᠯᠭᠠᠯᠲᠠ ᠳᠤ ᠲᠦᠷᠦᠭᠦᠸ ᠭᠤᠷᠪᠠ ᠳᠤ ᠣᠷᠣᠭᠰᠠᠨ ᠨᠡᠭᠡᠭᠡᠯᠲᠡ ᠶᠢᠨ ᠲᠣᠭᠤᠷᠢᠭ ᠲᠤ ᠲᠣᠰ ᠲᠣᠰ 500 ᠲᠦᠮᠡᠨ ᠲᠥᠭᠦᠷᠢᠭ᠂ 300 ᠲᠦᠮᠡᠨ ᠲᠥᠭᠦᠷᠢᠭ᠂ 200 ᠲᠦᠮᠡᠨ ᠲᠥᠭᠦᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠵᠠᠷᠤᠳᠠᠯ ᠤᠨ ᠳᠡᠮᠵᠢᠯᠭᠡ ᠦᠵᠡᠭᠦᠯᠦᠨ᠎ᠡ᠃      ᠬᠤᠶᠠᠷ᠂ ᠠᠵᠤ ᠦᠢᠯᠡᠰ ᠤᠨ ᠣᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ      ︵ᠨᠢᠭᠡ︶ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠠᠭᠤᠷᠢ ᠴᠠᠬᠢᠯᠭᠠᠨ ᠬᠤᠯᠪᠣᠭ᠎ᠠ ᠶᠢᠨ ᠡᠵᠡᠩᠨᠡᠯᠲᠡ ᠶᠢᠨ ᠬᠤᠳᠠᠯᠳᠤᠭᠠᠴᠢᠨ ᠤ ᠪᠥᠬᠦ ᠬᠤᠲᠠ ᠶᠢᠨ 5G ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠲᠠᠢ ᠤᠶᠠᠯᠳᠤᠭᠤᠯᠤᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠭᠠᠳᠠᠷ ᠰᠦᠯᠵᠢᠶ᠎ᠡ ᠪᠤᠶᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠰᠦᠯᠵᠢᠶᠡᠨ ᠤ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠲᠥᠷᠥᠯ ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠣᠭᠠᠨ ᠤ 30% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃      ︵ᠬᠤᠶᠠᠷ︶ ᠠᠵᠤ ᠦᠢᠯᠡᠳᠪᠦᠷᠢ ᠶᠢᠨ ᠲᠣᠭᠠᠴᠢᠯᠠᠬᠤ ᠵᠦᠭ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠨ᠎ᠡ᠃ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠪᠦᠲᠦᠭᠡᠨ ᠪᠠᠶᠢᠭᠤᠯᠵᠤ ᠥᠭᠡᠷᠡᠴᠢᠯᠡᠬᠦ᠂ ᠰᠢᠨ᠎ᠡ ᠮᠡᠷᠭᠡᠵᠢᠯ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ ᠲᠥᠷᠥᠯ ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃      ︵ᠭᠤᠷᠪᠠ︶ ᠠᠵᠤ ᠠᠬᠤᠶᠢᠯᠠᠯ ᠤᠨ ᠲᠣᠭᠠᠴᠢᠯᠠᠬᠤ ᠣᠶᠣᠨᠴᠢᠯᠠᠬᠤ ᠥᠭᠡᠷᠡᠴᠢᠯᠡᠯᠲᠡ ᠶᠢ ᠳᠡᠮᠵᠢᠨ᠎ᠡ᠃ ᠠᠵᠤ ᠠᠬᠤᠶᠢᠯᠠᠯ ᠤᠨ ᠮᠠᠰᠢᠨ ᠢᠶᠠᠷ ᠬᠥᠮᠥᠨ ᠢ ᠣᠷᠣᠯᠠᠭᠤᠯᠬᠤ ᠪᠠ ᠲᠣᠭᠠᠴᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠬᠥᠬᠡᠬᠤᠲᠠ ᠶᠢᠨ ᠲᠣᠭᠠᠴᠢᠯᠠᠬᠤ ᠥᠭᠡᠷᠡᠴᠢᠯᠡᠯᠲᠡ ᠪᠠᠷ ᠰᠢᠰᠲ᠋ᠧᠮ ᠲᠠᠢ ᠰᠢᠢᠳᠪᠦᠷᠢᠯᠡᠬᠦ ᠲᠥᠰᠥᠯ ᠤᠨ ᠬᠠᠩᠭᠠᠯᠭ᠎ᠠ ᠶᠢᠨ ᠬᠤᠳᠠᠯᠳᠤᠭᠠᠴᠢᠨ ᠤ ᠨᠡᠷᠡᠰ ᠲᠤ ᠣᠷᠣᠭᠰᠠᠨ ᠠᠵᠤ ᠠᠬᠤᠶᠢᠯᠠᠯ ᠳᠤ 30 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠤᠯᠤᠰ ᠤᠨ ᠠᠩᠬᠠᠳᠠᠭᠴᠢ ᠰᠠᠤᠷᠢ ︵ᠢᠵᠢ︶ ᠶᠢᠨ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠲᠦᠷᠦᠭᠦᠸ ᠪᠦᠯᠦᠭ ︵ᠤᠳᠠᠭ᠎ᠠ︶ ᠤᠨ ᠦᠢᠯᠡᠳᠬᠦᠨ ᠢ ᠳᠡᠯᠭᠡᠷᠡᠭᠦᠯᠬᠦ ᠭᠠᠷᠴᠠᠭ ᠲᠤ ᠣᠷᠣᠭᠰᠠᠨ ᠪᠠ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠠᠤᠷᠢ ︵ᠢᠵᠢ︶ ᠶᠢᠨ ᠮᠡᠷᠭᠡᠵᠢᠯ ᠤᠨ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠲᠦᠷᠦᠭᠦᠸ ᠪᠦᠯᠦᠭ ︵ᠤᠳᠠᠭ᠎ᠠ︶ ᠤᠨ ᠦᠢᠯᠡᠳᠬᠦᠨ ᠢᠶᠠᠷ ᠵᠥᠪᠰᠢᠶᠡᠷᠡᠭᠳᠡᠭᠰᠡᠨ ᠪᠠᠶᠢᠪᠠᠯ᠂ ᠠᠵᠤ ᠠᠬᠤᠶᠢᠯᠠᠯ ᠤᠨ ᠦᠢᠯᠡᠳᠬᠦᠨ ᠨᠢᠭᠡᠪᠦᠷᠢ ᠳᠤ ᠲᠣᠰ ᠲᠣᠰ 100 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃      ᠭᠤᠷᠪᠠ᠂ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ      ︵ᠨᠢᠭᠡ︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠨ᠎ᠡ᠃ ᠰᠠᠶᠢᠨ ᠳᠤᠷ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠥᠷᠨᠢᠭᠦᠯᠬᠦ ᠶᠢᠨ ᠬᠠᠮᠲᠤ ᠰᠢᠯᠭᠠᠨ ᠠᠪᠬᠤ ᠳᠤ ᠬᠢᠷᠢ ᠲᠡᠩᠴᠡᠭᠰᠡᠨ ᠠᠵᠤ ᠠᠬᠤᠶᠢᠯᠠᠯ ᠳᠤ ᠪᠣᠳᠠᠲᠠᠢ ᠬᠢᠨᠠᠨ ᠬᠠᠷᠭᠤᠭᠤᠯᠤᠭᠰᠠᠨ ᠵᠠᠷᠤᠳᠠᠯ ᠤᠨ ᠶᠣᠰᠣᠭᠠᠷ 10 ᠲᠦᠮᠡᠨ ᠲᠥᠭᠦᠷᠢᠭ ᠠᠴᠠ ᠬᠡᠲᠦᠷᠡᠬᠦ ᠦᠭᠡᠢ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠤᠷᠴᠢᠯᠵᠢᠭᠤᠯᠤᠨ ᠥᠭᠡᠷᠡᠴᠢᠯᠡᠬᠦ ᠵᠡᠷᠭᠡ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠲᠥᠷᠥᠯ ᠤᠨ ᠲᠥᠷᠥᠯ ᠵᠦᠢᠯ ᠢ ᠡᠭᠦᠳᠦᠨ ᠪᠠᠶᠢᠭᠤᠯᠤᠭᠰᠠᠨ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃      ︵ᠬᠤᠶᠠᠷ︶ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠨ᠎ᠡ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠤᠰᠤ ᠠᠷᠪᠢᠯᠠᠬᠤ ᠲᠡᠷᠢᠭᠦᠨ ᠤ ᠬᠡᠷᠡᠭᠯᠡᠭᠡᠨ ᠤ ᠤᠷᠠᠨ ᠮᠡᠷᠭᠡᠰᠢᠯ᠂ ᠮᠡᠷᠭᠡᠵᠢᠯ᠂ ᠲᠥᠬᠦᠭᠡᠷᠦᠮᠵᠢ ᠪᠤᠶᠤ ᠲᠣᠭᠠᠴᠢᠯᠠᠯᠲᠠ ᠶᠢ ᠬᠡᠷᠡᠭᠯᠡᠨ ᠮᠡᠷᠭᠡᠵᠢᠯ ᠤᠨ ᠥᠭᠡᠷᠡᠴᠢᠯᠡᠯᠲᠡ ᠬᠢᠬᠦ ᠲᠥᠷᠥᠯ ᠵᠦᠢᠯ ᠳᠤ ᠲᠣᠰ ᠲᠣᠰ ᠡᠨᠧᠷᠭᠢ ᠠᠷᠪᠢᠯᠠᠬᠤ ᠬᠡᠮᠵᠢᠶ᠎ᠡ ᠪᠠᠷ 300ᠲᠥᠭᠦᠷᠢᠭ / ᠲᠣᠨ ᠪᠠᠷᠢᠮᠵᠢᠶ᠎ᠠ ᠨᠡᠭᠦᠷᠡᠰᠦ᠂ ᠤᠰᠤ ᠠᠷᠪᠢᠯᠠᠬᠤ ᠬᠡᠮᠵᠢᠶ᠎ᠡ ᠪᠠᠷ 10 ᠲᠥᠭᠦᠷᠢᠭ /ᠲᠣᠨ ᠤ ᠪᠠᠷᠢᠮᠵᠢᠶ᠎ᠠ ᠪᠠᠷ᠂ 300 ᠲᠦᠮᠡᠨ ᠲᠥᠭᠦᠷᠢᠭ ᠤᠨ ᠳᠣᠲᠣᠷ᠎ᠠ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠨ᠎ᠠ᠃ ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠤᠶᠤ ᠳᠠᠬᠢᠯᠲᠠ ᠡᠬᠢ ᠪᠠᠶᠠᠯᠢᠭ ᠢ ᠤᠷᠴᠢᠯᠵᠢᠭᠤᠯᠤᠨ ᠠᠰᠢᠭᠯᠠᠬᠤ ᠲᠥᠷᠥᠯ ᠵᠦᠢᠯ ᠳᠤ᠂ ᠲᠡᠭᠦᠨ ᠤ ᠪᠣᠳᠠᠲᠠᠢ ᠪᠡᠯᠡ ᠣᠷᠣᠭᠤᠯᠤᠭᠰᠠᠨ ᠲᠤᠭ᠎ᠠ ᠶᠢᠨ 5% ᠪᠠᠷ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠪᠣᠰᠣᠳ ᠲᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠴᠢᠨᠠᠷ ᠲᠠᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ ᠦᠨᠡᠯᠡᠯᠲᠡ ᠶᠢᠨ ᠮᠡᠳᠡᠭᠦᠯᠦᠯᠲᠡ ᠳᠠᠬᠢ ᠪᠦᠲᠦᠮᠵᠢᠲᠡᠶ ᠠᠰᠢᠭᠯᠠᠭᠰᠠᠨ ᠬᠡᠮᠵᠢᠶ᠎ᠡ ᠪᠠᠷ 10 ᠲᠥᠭᠦᠷᠢᠭ / ᠲᠣᠨ ᠤ ᠨᠥᠬᠦᠪᠦᠷᠢ ᠥᠭᠴᠦ᠂ ᠠᠵᠤ ᠠᠬᠤᠶᠢᠯᠠᠯ ᠨᠢᠭᠡᠪᠦᠷᠢ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃      ︵ᠭᠤᠷᠪᠠ︶ ᠬᠤᠳᠠᠯᠳᠤᠭᠠᠨ ᠤ ᠬᠡᠷᠡᠭᠯᠡᠭᠡᠨ ᠤ ᠰᠢᠨ᠎ᠡ ᠡᠨᠧᠷᠭᠢ ᠶᠢᠨ ᠲᠡᠷᠭᠡ ᠶᠢᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠮᠠᠨ ᠤ ᠬᠤᠲᠠ ᠶᠢᠨ ᠬᠤᠳᠠᠯᠳᠤᠭᠠᠨ ᠤ ᠬᠡᠷᠡᠭᠯᠡᠭᠡᠨ ᠤ ᠰᠢᠨ᠎ᠡ ᠡᠨᠧᠷᠭᠢ ᠶᠢᠨ ᠲᠡᠷᠭᠡ ᠶᠢᠨ ᠤᠰᠤᠲᠥ᠋ᠷᠥᠭᠴᠢ ᠨᠡᠮᠡᠬᠦ᠂ ᠠᠯᠠᠺᠤᠯ ᠤᠰᠤᠲᠥ᠋ᠷᠥᠭᠴᠢ ᠨᠡᠮᠡᠬᠦ᠂ ᠴᠠᠬᠢᠯᠭᠠᠨ ᠴᠡᠨᠡᠭᠯᠡᠵᠦ ᠰᠣᠯᠢᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠣᠭᠠᠨ ᠤ 20% ᠠᠴᠠ ᠬᠡᠲᠦᠷᠡᠭᠦᠯᠬᠦ ᠦᠭᠡᠢ ᠪᠠᠷ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠴᠦ᠂ ᠲᠠᠩ ᠭᠠᠭᠴᠠ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠬᠡᠷᠪᠡ ᠲᠣᠰ ᠲᠥᠷᠥᠯ ᠤᠨ ᠪᠡᠯᠡᠳᠬᠡᠮᠵᠢ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡᠯ᠂ ᠤᠷᠢᠳᠠᠪᠠᠷ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠣᠯᠵᠤ᠂ ᠳᠠᠪᠬᠤᠷᠳᠠᠭᠤᠯᠤᠨ ᠣᠯᠭᠤᠬᠤ ᠦᠭᠡᠢ᠃      ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠬᠥᠬᠡᠬᠤᠲᠠ ᠶᠢᠨ ᠵᠠᠰᠠᠭ ᠠᠯᠪᠠᠨ ᠲᠠᠷᠬᠠᠭᠠᠭᠰᠠᠨ ﹇2021﹈ 19 ᠳ᠋ᠦ᠋ᠭᠡᠷ ᠲᠣᠭᠠᠲᠤ︶ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ