ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠭᠠᠯ ᠰᠡᠷᠭᠡᠶᠢᠯᠡᠬᠦ ᠴᠠᠭᠠᠵᠠᠯᠠᠬᠤ ᠵᠠᠷᠯᠢᠭ
ᠨᠡᠶᠢᠲᠡᠯᠡᠭᠰᠡᠨ ᠴᠠᠭ᠄
2024/4/29
ᠬᠥᠬᠡᠬᠤᠲᠠ ᠵᠠᠰᠠᠭ ᠲᠠᠷᠬᠠᠭᠠᠭᠰᠠᠨ ﹇2024﹈ 7 ᠳ᠋ᠤᠭᠠᠷ ᠲᠣᠭᠠᠲᠤ      ᠮᠠᠨ ᠤ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠠᠳᠬᠤᠵᠤ᠂ ᠣᠶ ᠰᠢᠭᠤᠢ ᠨᠤᠲᠤᠭ ᠪᠡᠯᠴᠢᠭᠡᠷ ᠤᠨ ᠶᠡᠭᠡ ᠭᠠᠯ ᠤᠨ ᠠᠶᠤᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ  ᠠᠴᠠ ᠪᠥᠬᠦ ᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠨ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠭᠠᠯ ᠤᠨ ᠠᠶᠤᠯ ᠶᠡᠬᠡᠲᠡᠢ ᠣᠷᠣᠨ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠣᠯᠠᠨ ᠭᠠᠷᠳᠠᠭ ᠣᠷᠣᠨ ᠳᠤ ᠠᠭᠤᠯᠠ ᠶᠢ ᠪᠢᠲᠡᠭᠦᠮᠵᠢᠯᠡᠨ ᠴᠠᠭᠠᠵᠠᠯᠠᠵᠤ ᠭᠠᠯ ᠢ ᠰᠡᠷᠭᠡᠶᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠢᠭᠳᠠᠶ᠎ᠠ᠄      ᠨᠢᠭᠡ᠂ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭ᠎ᠠ᠄ 2024 ᠣᠨ ᠤ 3 ᠳ᠋ᠤᠭᠠᠷ ᠰᠠᠷ᠎ᠠ ᠶᠢᠨ 20 ᠤ ᠡᠳᠦᠷ ᠠᠴᠠ 2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠃      ᠬᠤᠶᠠᠷ᠂ ᠭᠠᠯ ᠰᠡᠷᠭᠡᠶᠢᠯᠡᠬᠦ ᠴᠠᠭᠠᠵᠠᠯᠠᠬᠤ ᠣᠷᠣᠨ᠄ ᠳᠠᠯᠠᠨ ᠬᠠᠷ᠎ᠠ ᠠᠭᠤᠯᠠ ᠶᠢᠨ ᠬᠥᠬᠡᠬᠤᠲᠠ ᠶᠢᠨ ᠪᠦᠭᠦᠳᠡ ᠬᠡᠰᠡᠭ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠤ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ᠂ ᠭᠤᠣᠯᠳᠠᠯᠭ᠎ᠠ ᠲᠠᠢ ᠰᠢᠭᠤᠶᠢᠲᠤ ᠣᠷᠣᠨ᠃ ᠪᠣᠳᠠᠲᠠᠢ ᠬᠡᠰᠡᠭ᠄ ᠲᠦᠮᠡᠳ ᠵᠡᠭᠦᠨ ᠬᠤᠰᠢᠭᠤᠨ ᠤ ᠪᠠᠢ ᠱᠢ ᠲᠧᠦ ᠭᠧᠦ᠂ ᠢ ᠴᠢᠶᠠᠨ ᠱᠠᠩ ᠭᠧᠦ᠂ ᠸᠠᠨ ᠵᠢᠶᠠ ᠭᠧᠦ᠂ ᠯᠠᠮᠠ ᠶᠢᠨ ᠠᠭᠤᠢ ᠶᠢᠨ ᠭᠤᠤ᠂ ᠵᠢᠷᠦᠬᠡᠨ ᠭᠤᠣᠯ᠂ ᠶᠢᠨ ᠯᠤᠸᠠᠨ ᠳ᠋ᠢᠶᠠᠨ︔ ᠬᠤᠲᠣᠩ ᠠᠷᠠᠳ ᠤᠨ ᠲᠣᠭᠤᠷᠢᠭ ᠤᠨ ᠡᠪᠯᠡᠯ ᠤᠨ ᠬᠤᠷᠢᠶᠠᠨ ᠤ ᠠᠮᠢ ᠠᠬᠤᠢ ᠶᠢᠨ ᠬᠦᠷᠢᠶᠡᠯᠡᠩ᠂ ᠳ᠋ᠦᠩ ᠫᠧᠩ ᠽᠢ ᠶᠢᠨ ᠬᠤᠶᠢᠰᠢ ᠪᠠᠨ ᠰᠤᠨᠤᠭᠰᠠᠨ ᠬᠡᠰᠡᠭ᠂ ᠪᠠᠷᠠᠭᠤᠨ ᠤᠰᠤᠲᠤ᠂ ᠰᠾᠢ ᠷᠧᠨ ᠭᠸᠦ︔ ᠰᠢᠨ᠎ᠡ ᠬᠤᠲᠠ ᠲᠣᠭᠤᠷᠢᠭ ᠤᠨ ᠮᠢᠶᠠᠨ ᠫᠦ᠋ ᠶᠣᠣ ᠭᠧᠦ᠂ ᠰᠢᠶᠣᠣ ᠵᠢᠩ ᠭᠧᠦ᠂ ᠬᠦᠢᠰᠦ᠂ ᠫᠢ ᠴᠠᠢ ᠭᠧᠦ᠂ ᠭᠤᠷᠪᠠᠨ ᠪᠠᠶᠢᠰᠢᠩ ᠤᠨ ᠰᠢᠭᠤᠶᠢᠲᠤ ᠣᠷᠣᠨ᠂ ᠼᠦᠩ ᠷᠦᠩ ᠠᠭᠤᠯᠠᠨ ᠲᠣᠰᠬᠤᠨ︔ ᠰᠠᠶᠢᠬᠠᠨ ᠲᠣᠭᠤᠷᠢᠭ ᠤᠨ ᠬᠤᠶᠢᠲᠤ ᠠᠭᠤᠯᠠ᠂ ᠣᠪᠣᠭ᠎ᠠ ᠠᠭᠤᠯᠠ︔ ᠬᠤᠷᠢᠨᠭᠡᠷ ᠰᠢᠶᠠᠨ ᠤ ᠨᠠᠨ ᠲᠢᠶᠠᠨ ᠮᠧᠨ ᠤᠢ ᠰᠢᠭᠤᠢ ᠶᠢᠨ ᠲᠠᠯᠠᠪᠠᠢ᠂ ᠱᠠ ᠪᠠ ᠳᠥᠷᠪᠡᠳᠦᠭᠡᠷ᠂ ᠸᠧ ᠨᠢᠦ ᠱᠠᠨ ᠠᠭᠤᠯᠠ︔ ᠴᠢᠩ ᠱᠦᠢ ᠾᠧ ᠰᠢᠶᠠᠨ ᠤ ᠶᠢᠩ ᠽᠦᠢ ᠱᠠᠨ᠂ ᠶᠣᠣ ᠯᠢᠨ ᠭᠧᠦ᠂ ᠪᠠᠩ ᠡᠯ ᠱᠠᠨ᠂ ᠯᠦ ᠼᠤᠤ ᠱᠠᠨ ᠠᠭᠤᠯᠠ᠂ ᠯᠦ ᠼᠤᠤ ᠭᠧᠦ᠂ ᠳ᠋ᠠ ᠱᠤ᠋ ᠭᠧᠦ᠂ ᠰᠦᠩ ᠱᠤ᠋ ᠭᠧᠦ︔ ᠦᠴᠦᠸᠠᠨ ᠰᠢᠶᠠᠨ ᠤ ᠦ᠋ ᠳ᠋ᠣᠣ ᠭᠧᠦ᠂ ᠯᠢ ᠴᠢ ᠭᠧᠦ᠂ ᠳ᠋ᠧ ᠱᠧᠩ ᠭᠧᠦ᠂ ᠳ᠋ᠠ ᠯᠢᠶᠠᠩ ᠰᠢᠭᠤᠶᠢᠲᠤ ᠣᠷᠣᠨ ᠂ ᠵᠢᠩ ᠡᠯ ᠭᠧᠦ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠬᠡᠰᠡᠭ ᠪᠠᠭᠲᠠᠨ᠎ᠠ᠃      ᠭᠤᠷᠪᠠ᠂ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭᠠᠨ ᠳᠤ᠂ ᠭᠠᠯ ᠰᠡᠷᠭᠡᠶᠢᠯᠡᠬᠦ ᠴᠠᠭᠠᠵᠠᠯᠠᠬᠤ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠭᠠᠯ ᠤᠨ ᠠᠶᠤᠯ ᠡᠭᠦᠰᠭᠡᠵᠦ ᠮᠡᠳᠡᠬᠦ ᠲᠡᠷᠭᠡ ᠬᠥᠰᠬᠡ᠂ ᠮᠠᠰᠢᠨ ᠵᠢᠴᠢ ᠬᠥᠮᠦᠰ ᠲᠤ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃       ︵ᠨᠢᠭᠡ︶ ᠢᠯᠡ ᠭᠠᠯ ᠢᠶᠠᠷ ᠳᠠᠬᠢᠯᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠴᠠᠭᠠᠵᠠᠯᠠᠬᠤ ᠣᠷᠣᠨ ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ ᠳᠤ ᠡᠷᠬᠡᠪᠰᠢ ᠭᠠᠯ ᠬᠡᠷᠡᠭᠯᠡᠬᠦ ᠬᠡᠷᠡᠭᠲᠡᠢ ᠨᠢᠭᠡᠴᠢ ᠪᠠ ᠰᠠᠭᠤᠭᠠᠯᠢ ᠠᠷᠠᠳ ᠲᠤ ᠲᠤᠰ ᠴᠠᠭᠠᠵᠠᠯᠠᠬᠤ ᠵᠠᠷᠯᠢᠭ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠲᠠᠢ ᠴᠠᠭ ᠠᠭᠤᠷ᠂ ᠣᠶ ᠶᠢᠨ ᠵᠠᠬ᠎ᠠ ᠠᠴᠠ 500 ᠮᠧᠲᠷ ᠤᠨ ᠬᠡᠪᠴᠢᠶᠡᠨ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠳᠦᠷ ᠲᠤᠳᠦᠮ ᠤᠨ ᠭᠠᠯ ᠬᠡᠷᠡᠭᠯᠡᠬᠦ ᠳᠤ ᠡᠷᠬᠡᠪᠰᠢ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠬᠢᠬᠦ ᠨᠦᠬᠡ ᠵᠡᠷᠭᠡ ᠶᠢ ᠭᠠᠷᠭᠠᠬᠤ ᠬᠡᠷᠡᠭᠲᠡᠢ᠂ ᠭᠠᠯ ᠤᠨ ᠣᠴᠢ ᠲᠠᠢ ᠦᠯᠡᠳᠡᠭᠰᠡᠨ ᠰᠢᠲᠠᠭᠠᠭᠴᠢ ᠪᠣᠳᠠᠰ ᠢ ᠭᠠᠯ ᠰᠡᠷᠭᠡᠶᠢᠯᠡᠬᠦ ᠲᠤᠰᠠᠭᠠᠷᠯᠠᠬᠤ ᠣᠷᠣᠨ ᠤ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠠᠴᠠ ᠡᠯ᠎ᠡ ᠦᠢᠯᠡᠳᠪᠦᠷᠢᠯᠡᠬᠦ᠂ ᠠᠵᠢᠯᠯᠠᠬᠤ ᠨᠢᠭᠡᠴᠢ ᠶᠢᠨ ᠠᠵᠢᠯᠯᠠᠭᠠᠨ ᠤ ᠣᠷᠣᠨ ᠪᠦᠰᠡ ᠶᠢ ᠲᠣᠭᠲᠠᠭᠠᠵᠤ᠂ ᠪᠣᠶ ᠪᠦᠬᠦᠢ ᠨᠢᠭᠡᠴᠢ ᠡᠷᠬᠡᠪᠰᠢ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ ᠵᠠᠭᠠᠭᠯᠠᠨ ᠲᠣᠭᠲᠠᠭᠠᠭᠰᠠᠨ ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠯ ᠤᠨ ᠠᠵᠢᠯᠯᠠᠭ᠎ᠠ ᠬᠢᠬᠦ ᠬᠡᠷᠡᠭᠲᠡᠢ᠃      ︵ᠭᠤᠷᠪᠠ︶ ᠴᠠᠭᠠᠵᠠᠯᠠᠬᠤ ᠣᠷᠣᠨ ᠤ ᠳᠣᠲᠣᠷᠠᠬᠢ ᠡᠯ᠎ᠡ ᠦᠢᠯᠡᠳᠪᠦᠷᠢᠯᠡᠯ ᠤᠨ ᠠᠵᠢᠯᠯᠠᠭ᠎ᠠ ᠶᠢᠨ ᠭᠠᠵᠠᠷ᠂ ᠵᠢᠭᠤᠯᠴᠢᠯᠠᠯ ᠤᠨ ᠢᠳᠡᠭᠡᠨ ᠤᠮᠳᠠᠭᠠᠨ ᠤ ᠭᠠᠵᠠᠷ ᠡᠷᠬᠡᠪᠰᠢ ᠲᠤᠰᠬᠠᠢ ᠲᠤᠰᠢᠶᠠᠯᠲᠤ ᠤᠢ ᠰᠢᠭᠤᠢ ᠶᠢᠨ ᠬᠠᠮᠠᠭᠠᠯᠠᠭᠴᠢ ᠪᠣᠯᠣᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠢ᠂ ᠪᠣᠳᠠᠲᠠᠢ ᠲᠤᠭ᠎ᠠ ᠬᠡᠮᠵᠢᠶ᠎ᠡ ᠨᠢ᠄ ᠨᠤᠲᠤᠭ ᠪᠡᠯᠴᠢᠭᠡᠷ ᠤᠨ ᠰᠢᠭᠤᠶᠢᠲᠤ ᠣᠷᠣᠨ ᠢ ᠡᠵᠡᠯᠡᠭᠰᠡᠨ ᠡᠵᠡᠩᠨᠡᠯᠲᠡ ᠶᠢᠨ ᠲᠠᠯᠠᠪᠠᠢ ᠨᠢ 3000 ᠾᠧᠺᠲ᠋ᠠᠷ ᠳᠡᠭᠡᠭᠰᠢᠬᠢ ᠠᠵᠤ ᠠᠬᠤᠶᠢᠯᠠᠯ 30 ᠠᠴᠠ ᠳᠡᠭᠡᠭᠰᠢ ᠲᠤᠰᠬᠠᠢ ᠲᠤᠰᠢᠶᠠᠯᠲᠤ ᠤᠢ ᠰᠢᠭᠤᠢ ᠶᠢᠨ ᠬᠠᠮᠠᠭᠠᠯᠠᠭᠴᠢ᠂ 50 ᠠᠴᠠ ᠳᠡᠭᠡᠭᠰᠢ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ ᠲᠣᠬᠢᠷᠠᠭᠤᠯᠵᠤ᠂ 20 ᠠᠴᠠ ᠳᠡᠭᠡᠭᠰᠢ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ᠂ 30 ᠬᠤᠶᠠᠳᠤᠭᠠᠷ ᠨᠣᠮᠧᠷᠲᠤ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠢ︔ ᠨᠤᠲᠤᠭ ᠪᠡᠯᠴᠢᠭᠡᠷ ᠤᠨ ᠰᠢᠭᠤᠶᠢᠲᠤ ᠣᠷᠣᠨ ᠢ ᠡᠵᠡᠯᠡᠭᠰᠡᠨ ᠡᠵᠡᠩᠨᠡᠯᠲᠡ ᠶᠢᠨ ᠲᠠᠯᠠᠪᠠᠶ ᠨᠢ 3000 ᠾᠧᠺᠲ᠋ᠠᠷ ᠠᠴᠠ ᠳᠣᠷᠣᠭᠰᠢ ᠪᠠᠶᠢᠪᠠᠯ᠂ 20 ᠬᠥᠮᠥᠨ ᠠᠴᠠ ᠳᠡᠭᠡᠭᠰᠢ ᠲᠤᠰᠬᠠᠢ ᠲᠤᠰᠢᠶᠠᠯᠲᠤ ᠣᠶ ᠰᠢᠭᠤᠢ ᠶᠢᠨ ᠬᠠᠮᠠᠭᠠᠯᠠᠭᠴᠢ᠂ 30 ᠠᠴᠠ ᠳᠡᠭᠡᠭᠰᠢ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ ᠲᠣᠬᠢᠷᠠᠭᠤᠯᠵᠤ᠂ 10 ᠰᠠᠯᠬᠢᠨ ᠤ ᠬᠦᠴᠦᠨ ᠤ ᠭᠠᠯ ᠤᠨᠲᠠᠷᠠᠭᠠᠬᠤ ᠮᠠᠰᠢᠨ᠂ 20 ᠬᠤᠶᠠᠳᠤᠭᠠᠷ ᠨᠣᠮᠧᠷᠲᠤ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠢ᠃ ᠭᠠᠯ ᠰᠡᠷᠭᠡᠶᠢᠯᠡᠬᠦ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠲᠤᠰ ᠭᠠᠵᠠᠷ ᠣᠷᠣᠨ ᠤ ᠪᠣᠳᠠᠲᠠᠢ ᠪᠠᠶᠢᠳᠠᠯ ᠢ ᠦᠨᠳᠦᠰᠦᠯᠡᠨ ᠬᠠᠷᠠᠭᠠᠯᠵᠠᠭᠰᠠᠨ ᠠᠷᠭ᠎ᠠ ᠬᠡᠮᠵᠢᠶ᠎ᠡ ᠲᠣᠭᠲᠠᠭᠠᠨ ᠬᠡᠷᠡᠭᠵᠢᠭᠦᠯᠵᠦ ᠪᠣᠯᠣᠨ᠎ᠠ᠃      ︵ᠳᠥᠷᠪᠡ︶ ᠭᠠᠯ ᠰᠡᠷᠭᠡᠶᠢᠯᠡᠵᠦ ᠭᠠᠯ ᠤᠨᠲᠠᠷᠠᠭᠠᠬᠤ ᠴᠠᠭᠠᠵᠠᠯᠠᠬᠤ ᠬᠤᠭᠤᠴᠠᠭᠠᠨ ᠳᠤ᠂ ᠦᠨᠡᠨ ᠰᠤᠮᠤ ᠶᠢᠨ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ ᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠲᠤᠬᠠᠢ ᠶᠢᠨ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠲᠠᠢ ᠬᠠᠮᠵᠢᠯᠴᠠᠨ ᠴᠢᠬᠤᠯᠠ ᠪᠦᠬᠦᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃      ︵ᠲᠠᠪᠤ︶ ᠴᠠᠭᠠᠵᠠᠯᠠᠬᠤ ᠣᠷᠣᠨ ᠢᠶᠠᠷ ᠥᠩᠭᠡᠷᠡᠬᠦ ᠲᠡᠷᠭᠡ ᠬᠥᠰᠬᠡ᠂ ᠮᠠᠰᠢᠨ ᠮᠧᠬᠠᠨᠢᠭ ᠲᠤ ᠭᠠᠯ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠠᠭᠠᠰᠢ ᠴᠠᠭᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠦᠢᠯᠡᠴᠢᠯᠡᠭᠴᠢ ᠠᠴᠠ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠭᠠᠯ ᠲᠠᠢ ᠲᠠᠮᠠᠬᠢ ᠬᠠᠶᠠᠬᠤ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ ᠭᠠᠯ ᠤᠨ ᠴᠤᠭ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠵᠤ᠂ ᠵᠢᠯᠣᠭᠤᠴᠢ ᠪᠠ ᠲᠡᠷᠭᠡ ᠳᠠᠭᠠᠭᠰᠠᠨ ᠬᠠᠮᠢᠶᠠᠷᠤᠯᠲᠠ ᠶᠢᠨ ᠠᠵᠢᠯᠲᠠᠨ ᠪᠣᠯ ᠭᠠᠯ ᠰᠡᠷᠭᠡᠶᠢᠯᠡᠬᠦ ᠬᠠᠷᠢᠭᠤᠴᠠᠯᠭᠠᠲᠠᠨ ᠪᠣᠯᠣᠨ᠎ᠠ᠃      ︵ᠵᠢᠷᠭᠤᠭ᠎ᠠ︶ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠣᠯᠵᠤ ᠮᠡᠳᠡᠪᠡᠯ᠂ ᠲᠤᠬᠠᠢ ᠶᠢᠨ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠪᠤᠶᠤ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠪᠦᠬᠦᠨ ᠴᠥᠮ ᠲᠦᠭᠰᠢᠭᠦᠷᠢ ᠮᠡᠳᠡᠭᠦᠯᠬᠦ ᠳᠤ ᠨᠥᠬᠦᠴᠡᠯ ᠦᠭᠡᠢ ᠪᠠᠷ ᠲᠥᠬᠦᠮ ᠦᠵᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠰᠡᠷᠡᠮᠵᠢ ᠶᠢᠨ ᠬᠡᠷᠡᠭ ᠮᠡᠳᠡᠭᠦᠯᠬᠦ ᠤᠲᠠᠰᠤ᠄ 12119᠃      ︵ᠲᠤᠯᠤᠭ᠎ᠠ︶ ᠴᠠᠭᠠᠵᠠᠯᠠᠬᠤ ᠬᠤᠭᠤᠴᠠᠭᠠᠨ ᠳᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠠᠭᠤᠯᠠ ᠶᠢ ᠴᠡᠪᠡᠷᠯᠡᠵᠦ ᠭᠤᠤ ᠶᠢ ᠴᠡᠪᠡᠷᠯᠡᠬᠦ︾ ᠠᠵᠢᠯᠯᠠᠭ᠎ᠠ ᠥᠷᠨᠢᠭᠦᠯᠵᠦ᠂ ᠭᠠᠯ ᠤᠨ ᠠᠶᠤᠯ ᠤᠨ ᠠᠯᠢᠪᠠ ᠲᠠᠯᠳᠠ ᠭᠡᠮ ᠢ ᠴᠢᠷᠮᠠᠶᠢᠨ ᠠᠷᠢᠯᠭᠠᠬᠤ ᠬᠡᠷᠡᠭᠲᠡᠢ᠃      ︵ᠨᠠᠢᠮᠠ︶ ᠭᠠᠯ ᠤᠨ ᠠᠶᠤᠯ ᠭᠠᠷᠪᠠᠯ᠂ ᠬᠡᠨ ᠤᠷᠢᠳᠠᠪᠠᠷ ᠣᠯᠵᠤ ᠮᠡᠳᠡᠪᠡᠯ ᠬᠡᠨ ᠤᠷᠢᠳᠠᠪᠠᠷ ᠮᠡᠳᠡᠭᠦᠯᠬᠦ᠂ ᠬᠡᠨ ᠤᠷᠢᠳᠠᠪᠠᠷ ᠤᠨᠲᠠᠷᠠᠭᠠᠵᠤ ᠠᠪᠤᠷᠠᠨ ᠲᠤᠰᠠᠯᠠᠬᠤ ᠵᠠᠷᠴᠢᠮ ᠢ ᠬᠡᠷᠡᠭᠵᠢᠭᠦᠯᠦᠨ᠎ᠡ᠂ ᠵᠠᠰᠠᠭ ᠵᠠᠬᠢᠷᠭᠠᠨ ᠤ ᠣᠷᠣᠨ ᠪᠤᠶᠤ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠵᠠᠭᠠᠭ ᠬᠢᠵᠠᠭᠠᠷ ᠲᠤ ᠬᠢᠵᠠᠭᠠᠷᠯᠠᠭᠳᠠᠬᠤ ᠦᠭᠡᠢ᠃      ︵ᠶᠢᠰᠦ︶ ᠪᠤᠰᠤᠳ ᠭᠤᠣᠯᠳᠠᠯᠭ᠎ᠠ ᠲᠠᠢ ᠬᠡᠰᠡᠭ᠂ ᠰᠢᠭᠤᠶᠢᠲᠤ ᠣᠷᠣᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠴᠠᠭᠠᠵᠠᠯᠠᠵᠤ ᠵᠠᠬᠢᠷᠤᠨ ᠬᠠᠮᠢᠶᠠᠷᠬᠤ ᠶᠢ ᠬᠡᠷᠡᠭᠵᠢᠭᠦᠯᠬᠦ ᠪᠤᠶᠤ ᠴᠠᠭᠠᠵᠠᠯᠠᠬᠤ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠠᠰ ᠲᠤᠨᠢ ᠴᠠᠭᠠᠵᠠᠯᠠᠬᠤ ᠵᠠᠷᠯᠢᠭ ᠢ ᠨᠡᠶᠢᠲᠡᠯᠡᠨ᠎ᠡ᠃ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ2024 ᠣᠨ ᠤ 3 ᠳ᠋ᠤᠭᠠᠷ ᠰᠠᠷ᠎ᠠ ᠶᠢᠨ 1 ᠤ ᠡᠳᠦᠷ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ