ᠭᠦᠭᠡᠬᠤᠲᠠ ᠶᠢᠨ ᠴᠡᠴᠡᠭ ᠰᠣᠨᠢᠷᠬᠠᠬᠤ ᠤᠯᠠᠷᠢᠯ ᠤᠨ ᠠᠵᠢᠯᠯᠠᠭ᠎ᠠ ᠡᠬᠢᠯᠡᠵᠡᠢ
ᠨᠡᠶᠢᠲᠡᠯᠡᠭᠰᠡᠨ ᠴᠠᠭ᠄
2024/4/29
      ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ · ᠴᠡᠴᠡᠭ ᠤᠨ ᠳᠠᠯᠠᠢ ᠭᠦᠭᠡᠬᠤᠳᠠ︾ ᠭᠦᠭᠡᠬᠤᠲᠠ ᠶᠢᠨ 2024 ᠣᠨ ᠤ ᠴᠡᠴᠡᠭ ᠰᠣᠨᠢᠷᠬᠠᠬᠤ ᠤᠯᠠᠷᠢᠯ ᠤᠨ ᠠᠵᠢᠯᠯᠠᠭ᠎ᠠ ᠵᠢᠴᠢ ︽ᠭᠦᠶᠯᠡᠰᠦᠨ ᠮᠣᠳᠣᠨ ᠤ ᠳᠡᠷᠭᠡᠳᠡ︾ ᠬᠤᠲᠣᠩ ᠠᠷᠠᠳ ᠤᠨ ᠲᠣᠭᠤᠷᠢᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠭᠦᠶᠯᠡᠰᠦᠨ ᠴᠡᠴᠡᠭ ᠤᠨ ᠨᠠᠶᠢᠷ ᠡᠮᠦᠨᠡᠬᠡᠨ  ᠭᠦᠷ  ᠬᠥᠭᠵᠢᠶᠡᠨ ᠲᠠᠢ  ᠡᠬᠢᠯᠡᠪᠡ᠃      ᠡᠭᠢᠯᠡᠯᠳᠡ ᠶᠢᠨ ᠶᠣᠰᠣᠯᠠᠯ ᠨᠢ ᠭᠦᠭᠡᠬᠤᠳᠠ ᠶᠢᠨ ᠬᠤᠲᠣᠩ ᠠᠷᠠᠳ ᠤᠨ ᠲᠣᠭᠤᠷᠢᠭ ᠤᠨ ᠤᠰᠤᠲᠤ ᠶᠢᠨ ᠭᠦᠢᠯᠡᠰᠦᠨ ᠴᠡᠴᠡᠭ ᠤᠨ ᠬᠥᠨᠳᠡᠢ ᠳᠤ ᠶᠠᠪᠤᠭᠳᠠᠵᠤ᠂ ᠭᠦᠢᠯᠡᠰᠦᠨ ᠴᠡᠴᠡᠭ ᠤᠨ ᠳᠠᠭᠤᠤ ᠬᠥᠭᠵᠢᠮ ᠤᠨ ᠦᠳᠡᠰᠢᠯᠡᠭᠡ᠂ ᠭᠦᠨᠵᠡᠭᠡᠢ ᠪᠡᠶᠡᠴᠢᠯᠡᠨ ᠣᠶᠢᠯᠠᠭᠠᠯᠲᠠ ᠶᠢᠨ ᠮᠠᠶ᠋ᠢᠭ ᠤᠨ ᠡᠭᠢᠯᠡᠯᠲᠡ ᠶᠢᠨ ᠶᠣᠰᠣᠯᠠᠯ ᠨᠢ ᠬᠠᠪᠤᠷ ᠤᠨ ᠤᠯᠠᠷᠢᠯ ᠤᠨ ᠭᠦᠭᠡᠬᠤᠳᠠ ᠶᠢᠨ ᠪᠠᠶᠢᠭᠠᠯᠢ ᠶᠢᠨ ᠦᠵᠡᠮᠵᠢ᠂ ᠴᠠᠭ ᠤᠯᠠᠷᠢᠯ ᠤᠨ ᠲᠠᠭᠠᠯᠠᠮᠵᠢᠲᠤ ᠠᠮᠢᠰᠬᠤᠯ ᠵᠢᠴᠢ ᠬᠥᠮᠥᠨ ᠠᠷᠠᠳ  ᠤᠨ ᠥᠭᠡᠳᠡᠷᠬᠡᠭ ᠳᠦᠷᠢ ᠪᠠᠶᠢᠳᠠᠯ ᠢ ᠲᠤᠰᠬᠠᠨ᠂ ᠴᠡᠴᠡᠭ ᠤᠨ ᠦᠨᠦᠷ ᠬᠠᠩᠬᠤᠯᠤᠭᠰᠠᠨ ᠤᠰᠤᠲᠤ ᠲᠤᠰᠬᠤᠨ ᠭᠦᠷ ᠬᠥᠭᠵᠢᠶᠡᠨ ᠢᠶᠠᠷ ᠪᠢᠯᠬᠠᠯ᠎ᠠ᠃ ᠡᠭᠦᠨ ᠠᠴᠠ ᠭᠠᠳᠠᠨ᠎ᠠ ᠬᠤᠪᠴᠠᠰᠤ ᠵᠠᠰᠠᠯ ᠤᠨ ᠲᠣᠭᠤᠷᠢᠨ ᠦᠵᠡᠭᠦᠯᠭᠡ᠂ ᠪᠤᠭᠤ ᠰᠣᠨᠢᠷᠬᠠᠨ ᠪᠤᠭᠤ ᠲᠡᠵᠢᠭᠡᠬᠦ᠂ ᠪᠠᠷᠠᠭᠤᠨᠰᠢ ᠵᠣᠷᠴᠢᠭᠰᠠᠨ ᠲᠡᠮᠳᠡᠭᠯᠡᠯ ᠤᠨ ᠬᠡᠦᠬᠡᠯᠳᠡᠢ ᠵᠦᠴᠦᠭᠡ᠂ ᠯᠤᠤ ᠶᠢᠨ ᠬᠡᠦᠬᠡᠯᠳᠡᠢ᠂ ᠠᠮᠲᠠᠲᠤ ᠢᠳᠡᠭᠡᠨ ᠵᠡᠷᠭᠡ ᠠᠵᠢᠯᠯᠠᠭ᠎ᠠ ᠶᠠᠪᠤᠭᠳᠠᠵᠤ᠂ ᠬᠤᠳᠠ ᠶᠢᠨ ᠠᠷᠠᠳ ᠬᠢᠭᠡᠳ ᠵᠢᠭᠤᠯᠴᠢᠯᠠᠬᠰᠠᠳ ᠢᠶᠠᠨ ᠪᠠᠶᠠᠰᠬᠠᠪᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠶᠥᠮ ᠤᠨ ᠪᠠᠶᠢᠰᠢᠩ ᠪᠠᠯᠭᠠᠰᠤᠨ ᠤ ᠪᠠᠷᠠᠭᠤᠨ ᠤᠰᠤᠲᠤ ᠲᠣᠰᠬᠤᠨ᠂ ᠶᠥᠮ ᠤᠨ ᠪᠠᠶᠢᠰᠢᠩ ᠪᠠᠯᠭᠠᠰᠤᠨ ᠤ ᠬᠤᠭᠤᠯᠠᠢ ᠭᠤᠤ ᠲᠣᠰᠬᠤᠨ᠂ ᠶᠤᠸᠠᠨ ᠱᠠᠨ ᠽᠢ ᠲᠤᠰᠬᠤᠨ ᠵᠢᠴᠢ ᠣᠶᠢᠷ᠎ᠠ ᠬᠠᠪᠢ ᠶᠢᠨ ᠠᠮᠢ ᠠᠬᠤᠢ ᠶᠢᠨ ᠬᠦᠷᠢᠶᠡᠯᠡᠩ ᠵᠡᠷᠭᠡ ᠣᠯᠠᠨ ᠭᠠᠵᠠᠷ ᠥᠪᠡᠷᠮᠢᠴᠡ ᠣᠨᠴᠠᠯᠢᠭ ᠲᠠᠭᠠᠨ ᠲᠣᠬᠢᠷᠠᠭᠤᠯᠤᠨ ᠭᠦᠢᠯᠡᠰᠦᠨ ᠴᠡᠴᠡᠭ ᠤᠨ ᠨᠠᠶᠢᠷ ᠡᠷᠭᠢᠯᠡᠵᠤ᠂ ᠤᠷᠠᠨ ᠰᠠᠶᠢᠬᠠᠨ ᠤ ᠲᠤᠬᠯᠠᠯᠳᠠ᠂ ᠺᠢᠨᠣ᠋ ᠭᠠᠷᠭᠠᠬᠤ᠂ ᠶᠠᠪᠠᠭᠠᠨ ᠠᠶᠠᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠭᠠᠷ ᠤᠷᠠᠯᠠᠯ᠂ ᠴᠠᠢ ᠠᠮᠰᠠᠬᠤ᠂ ᠨᠣᠭᠤᠭ᠎ᠠ ᠵᠢᠮᠢᠰ ᠲᠡᠭᠦᠬᠦ ᠵᠡᠷᠭᠡ ᠰᠢᠷᠢᠰ ᠠᠵᠢᠯᠯᠠᠭ᠎ᠠ ᠨᠤᠭᠤᠳ ᠢ ᠲᠣᠬᠢᠷᠠᠭᠤᠯᠵᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ