ᠾᠧ ᠬᠠᠢ ᠳ᠋ᠦᠩ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/3
      ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠱᠠᠲᠤᠨ ᠤ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃      ᠾᠧ ᠬᠠᠢ ᠳ᠋ᠦᠩ ᠨᠠᠷ ᠤᠷᠢᠳ ᠬᠤᠵᠢᠳ ᠲᠢᠶ᠋ᠧ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠣᠯᠠᠨ ᠤᠯᠤᠰ ᠤᠨ ᠠᠷᠠᠯᠵᠢᠶᠠᠨ ᠤ ᠲᠥᠪ ᠤᠨ ᠲᠣᠮᠣ ᠠᠰᠠᠷ ᠪᠣᠯᠣᠨ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠦᠷᠴᠦ᠂ ᠬᠦᠷᠢᠶᠡᠯᠡᠩ ᠲᠣᠭᠤᠷᠢᠭ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ᠂ ᠲᠡᠭᠡᠭᠡᠪᠦᠷᠢ ᠶᠢᠨ ᠪᠠᠷᠠᠭᠠᠨ ᠤ ᠲᠥᠷᠥᠯ ᠵᠦᠢᠯ᠂ ᠠᠷᠠᠯᠵᠢᠶ᠎ᠠ ᠶᠢᠨ ᠶᠠᠪᠤᠯᠴᠠᠭ᠎ᠠ᠂ ᠠᠴᠢᠶᠠᠯᠠᠵᠤ ᠪᠠᠭᠤᠯᠭᠠᠬᠤ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠵᠤ ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠤᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠣᠰᠴᠤ᠂ ᠬᠥᠬᠡᠬᠤᠲᠠ ᠶᠢᠨ  ᠶᠢᠨ ᠪᠦᠦ ᠬᠠᠩᠭᠠᠯᠭ᠎ᠠ ᠶᠢᠨ ᠬᠡᠯᠬᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠬᠤᠯᠪᠣᠭᠳᠠᠯ ᠪᠦᠬᠦᠢ ᠦᠢᠯᠡᠳᠪᠦᠷᠢᠯᠡᠯ᠂ ᠲᠥᠯᠦᠪᠵᠢᠭᠦᠯᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠾᠧ ᠬᠠᠢ ᠳ᠋ᠦᠩ ᠬᠡᠯᠡᠬᠦ ᠳᠡᠭᠡᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠴᠢᠬᠤᠯᠠ ᠲᠠᠪᠴᠠᠩ ᠮᠥᠨ᠂ ᠲᠡᠷᠡ  ᠨᠢ ᠭᠠᠳᠠᠭᠠᠳᠤ ᠠᠷᠠᠯᠵᠢᠶ᠎ᠠ ᠶᠢ ᠬᠥᠭᠵᠢᠭᠦᠯᠬᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠲᠠᠲᠠᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠠᠵᠤ ᠦᠢᠯᠡᠰ ᠤᠨ ᠲᠥᠪᠯᠡᠷᠡᠯ᠂ ᠴᠢᠳᠠᠮᠵᠢ ᠶᠢ ᠲᠡᠭᠦᠯᠳᠡᠷᠵᠢᠭᠦᠯᠬᠦ ᠪᠠᠷ ᠤᠳᠤᠷᠢᠳᠤᠮᠵᠢ ᠪᠣᠯᠭᠠᠵᠤ᠂ ᠵᠢᠰᠢᠶᠡᠨ ᠤ ᠭᠠᠯᠲᠤ ᠲᠡᠷᠭᠡ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠬᠠᠮᠲᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠠᠮᠢᠶᠠᠷᠤᠯᠲᠠ ᠦᠢᠯᠡᠴᠢᠯᠡᠭᠡ᠂ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠵᠢᠱᠢᠶᠡᠨ ᠤ ᠭᠠᠯᠲᠤ ᠲᠡᠷᠭᠡ ᠶᠢᠨ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠢᠳᠡᠪᠬᠢᠲᠡᠢ ᠪᠠᠷ ᠴᠢᠷᠮᠠᠶᠢᠨ ᠲᠡᠮᠡᠴᠡᠵᠦ᠂ ᠤᠯᠤᠰ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠪᠦᠬᠦ ᠵᠢᠯ ᠤᠨ ᠬᠠᠷᠠᠯᠲᠠ ᠶᠢᠨ ᠲᠣᠭᠤᠷᠢᠨ ᠳᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠣᠨᠣᠪᠴᠢᠲᠠᠢ ᠦᠢᠯᠡᠴᠢᠯᠡᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠳᠤ ᠬᠦᠴᠦ ᠨᠡᠮᠡᠷᠢᠯᠡᠵᠦ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠦᠨᠡᠨᠬᠦ ᠣᠷᠣᠨ ᠤ ᠲᠥᠪ ᠤᠨ ᠭᠠᠳᠠᠭᠠᠳᠤ ᠨᠡᠭᠡᠭᠡᠯᠲᠡ ᠶᠢᠨ ︽ᠪᠠᠬᠢᠯᠡᠯᠲᠡ︾᠂ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠬᠥᠳᠡᠯᠭᠡᠭᠦᠷ ᠪᠣᠯᠭᠠᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ