ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠳᠤ᠄ | ᠬᠠᠩᠰᠢ ᠶᠢᠨ ᠡᠳᠦᠷ ᠤᠳᠠᠯ ᠦᠭᠡᠢ ᠬᠦᠷᠴᠦ ᠢᠷᠡᠬᠦ ᠪᠠᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠪᠣᠬᠢᠷᠲᠤᠯ ᠦᠭᠡᠢ᠂ | ᠪᠣᠯᠪᠠᠰᠤᠨ᠂ ᠪᠠᠭ᠎ᠠ ᠨᠡᠭᠦᠷᠡᠰᠦᠲᠥ᠋ᠷᠥᠭᠴᠢᠲᠦ᠂ ᠠᠷᠪᠢᠴᠢ ᠭᠠᠮᠲᠠᠢ᠂ ᠣᠷᠴᠢᠨ ᠲᠣᠭᠤᠷᠢᠨ ᠳᠤ ᠪᠤᠬᠢᠷᠳᠤᠯ ᠦᠬᠡᠢ᠂ ᠠᠮᠤᠷ ᠲᠦᠪᠰᠢᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ | ᠲᠥᠯᠥᠭᠡ᠂ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠳᠤ ᠳᠣᠣᠷᠠᠬᠢ ᠮᠡᠲᠦ ᠣᠨᠴᠠᠭᠠᠶᠢᠯᠠᠨ ᠰᠠᠨᠠᠭᠠᠴᠢᠯᠠᠶ᠎ᠠ᠄ | ᠨᠢᠭᠡ ᠳᠤ᠂ ᠪᠣᠯᠪᠠᠰᠤᠨ ᠢᠶᠠᠷ ᠳᠠᠬᠢᠯᠭ᠎ᠠ ᠬᠢᠵᠦ ᠪᠣᠬᠢᠷᠲᠤᠯ ᠦᠭᠡᠢ ᠪᠠᠶᠢᠬᠤ ᠶᠢ ᠡᠷᠬᠢᠮᠯᠡᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠶᠠ᠃ ᠪᠤᠬᠢᠷᠳᠤᠯ ᠦᠭᠡᠢ ᠪᠠᠷ | ᠶᠠᠪᠤᠵᠤ ᠰᠠᠭᠤᠬᠤ᠂ ᠰᠣᠷᠭᠤᠭ ᠴᠡᠴᠡᠭ ᠬᠦᠷᠬᠡᠵᠦ ᠲᠠᠬᠢᠯᠭ᠎ᠠ ᠬᠢᠬᠦ᠂ ᠬᠡᠷ ᠤᠨ ᠰᠤᠷᠲᠠᠯ ᠬᠡᠷ ᠤᠨ ᠰᠤᠷᠭᠠᠯ ᠢ ᠤᠩᠰᠢᠬᠤ᠂ ᠠᠬᠠᠮᠠᠳ ᠦᠶ᠎ᠡ ᠶᠢᠨ ᠬᠢᠨ ᠤ ᠥᠯᠢᠭᠡᠷ ᠢ ᠰᠠᠶᠢᠲᠤᠷ | ᠶᠠᠷᠢᠬᠤ᠂ ᠣᠩᠭᠤᠨ ᠤ ᠬᠥᠰᠢᠶ᠎ᠡ ᠶᠢ ᠴᠡᠪᠡᠷᠯᠡᠬᠦ᠂ ᠰᠦᠯᠵᠢᠶ᠎ᠡ ᠪᠠᠷ ᠲᠠᠬᠢᠯᠭ᠎ᠠ ᠬᠢᠬᠦ ᠵᠡᠷᠭᠡ ᠬᠡᠯᠪᠡᠷᠢ ᠪᠠᠷ ᠨᠥᠭᠴᠢᠭᠰᠡᠳ ᠢ ᠳᠠᠭᠢᠵᠤ᠂ ᠭᠠᠰᠢᠭᠤᠳᠠᠯ ᠢᠶᠠᠨ ᠢᠯᠡᠳᠭᠡᠬᠦ ᠶᠢ | ᠰᠠᠨᠠᠭᠠᠴᠢᠯᠠᠶ᠎ᠠ᠃ ᠶᠡᠭᠡ ᠪᠠᠷ ᠬᠢᠬᠦ᠂ ᠪᠠᠶᠠᠨ ᠢᠶᠠᠨ ᠭᠠᠶᠢᠬᠠᠭᠤᠯᠵᠤ ᠠᠳᠠᠯᠢᠳᠬᠠᠬᠤ᠂ ᠠᠮᠢᠳᠤ ᠪᠠᠶᠢᠬᠤ ᠳᠤᠨᠢ ᠰᠠᠶᠢᠲᠤᠷ ᠬᠠᠷᠠᠭᠠᠯᠵᠠᠬᠤ ᠦᠭᠡᠢ ᠦᠬᠦᠭᠰᠡᠨ ᠤ ᠬᠢᠨᠢ ᠳᠠᠷᠠᠭ᠎ᠠ | ᠬᠦᠨᠳᠦ ᠪᠠᠷ ᠣᠷᠣᠰᠢᠭᠤᠯᠬᠤ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠬᠤᠷᠢᠭᠯᠠᠵᠤ᠂ ᠪᠣᠬᠢᠷᠲᠤᠯ ᠥᠬᠡᠶ᠂ ᠣᠷᠴᠢᠨ ᠲᠣᠭᠤᠷᠢᠨ ᠳᠤ ᠪᠤᠬᠢᠷᠳᠤᠯ ᠦᠬᠡᠢ ᠬᠡᠯᠪᠡᠷᠢ ᠪᠠᠷ | ᠤᠬᠠᠮᠰᠠᠷ ᠠᠴᠠ ᠪᠠᠨ ᠪᠠᠭ᠎ᠠ ᠨᠡᠭᠦᠷᠡᠰᠦᠲᠥ᠋ᠷᠥᠭᠴᠢᠲᠦ ᠪᠣᠯᠪᠠᠰᠤᠨ ᠲᠠᠬᠢᠯᠭ᠎ᠠ ᠬᠢᠬᠦ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠦᠶ᠎ᠡ᠃ | ᠬᠤᠶᠠᠷ ᠲᠤ᠂ ᠠᠷᠪᠢᠴᠢ ᠭᠠᠮᠲᠠᠢ ᠪᠠᠷ ᠣᠷᠣᠰᠢᠭᠤᠯᠭ᠎ᠠ ᠶᠢᠨ ᠶᠠᠪᠤᠳᠠᠯ ᠢ ᠬᠢᠵᠦ ᠣᠷᠴᠢᠨ ᠲᠣᠭᠤᠷᠢᠨ ᠢ ᠬᠠᠮᠠᠭᠠᠯᠠᠶ᠎ᠠ᠃ ᠮᠣᠳᠣᠨ ᠣᠷᠣᠰᠢᠭᠤᠯᠭ᠎ᠠ᠂ ᠴᠡᠴᠡᠭᠯᠢᠭᠲᠦ | ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ᠂ ᠴᠢᠨᠳᠠᠷ ᠢ ᠰᠠᠴᠤᠬᠤ ᠵᠡᠷᠭᠡ ᠠᠮᠢ ᠠᠬᠤᠶ ᠶᠢᠨ ᠣᠷᠣᠰᠢᠭᠤᠯᠭ᠎ᠠ ᠶᠢᠨ ᠬᠡᠯᠪᠡᠷᠢ ᠶᠢ ᠰᠠᠨᠠᠭᠠᠴᠢᠯᠠᠵᠤ᠂ ᠭᠠᠵᠠᠷ ᠰᠢᠷᠣᠢ ᠶᠢᠨ ᠡᠬᠢ | ᠪᠠᠶᠠᠯᠢᠭ ᠢ ᠡᠵᠡᠯᠡᠨ ᠬᠡᠷᠡᠭᠯᠡᠬᠦ ᠶᠢ ᠠᠯᠢ ᠴᠢᠳᠠᠬᠤ ᠪᠠᠷ ᠪᠠᠭᠠᠰᠬᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠪᠠ ᠦᠢᠯᠡᠳᠦᠯᠭᠡᠵᠢᠭᠦᠯᠵᠦ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠪᠠᠷ ᠥᠷᠲᠡᠭ ᠤᠨ | ᠤᠳᠤᠷᠢᠳᠤᠮᠵᠢ ᠪᠣᠯᠭᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠶ᠎ᠠ᠃ | ᠭᠤᠷᠪᠠ ᠳᠤ᠂ ᠠᠮᠤᠷ ᠲᠦᠪᠰᠢᠨ ᠢᠶᠠᠷ ᠲᠠᠬᠢᠯᠭ᠎ᠠ ᠬᠢᠵᠦ ᠡᠶ᠎ᠡ ᠵᠣᠬᠢᠴᠠᠩᠭᠤᠶ ᠡᠮᠬᠢ ᠵᠢᠷᠤᠮ ᠲᠠᠢ ᠪᠠᠶᠢᠬᠤ ᠶᠢ ᠰᠠᠨᠠᠭᠠᠴᠢᠯᠠᠶ᠎ᠠ᠃ ᠠᠮᠤᠷ ᠲᠦᠪᠰᠢᠨ ᠢᠶᠠᠷ ᠬᠠᠤᠯᠢ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠥᠬᠡᠶ᠂ ᠬᠡᠭᠡᠷ᠎ᠡ ᠭᠠᠳᠠᠨ᠎ᠠ᠂ ᠣᠶ ᠰᠢᠭᠤᠢ᠂ ᠲᠠᠯ᠎ᠠ ᠨᠤᠲᠤᠭ᠂ ᠠᠭᠤᠳᠠᠮ ᠲᠠᠯᠠᠪᠠᠶ᠂ | ᠰᠠᠭᠤᠭᠠᠯᠢ ᠠᠷᠠᠳ ᠤᠨ ᠲᠣᠭᠤᠷᠢᠭ᠂ ᠵᠠᠮ ᠤᠨ ᠠᠭᠤᠯᠵᠠᠷ᠂ ᠨᠡᠶᠢᠲᠡ ᠶᠢᠨ ᠣᠩᠭᠤᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ | ᠫᠤᠤᠵᠢᠩ ᠲᠠᠯᠪᠢᠬᠤ ᠦᠭᠡᠢ᠂ ᠲᠠᠬᠢᠯᠭ᠎ᠠ ᠶᠢᠨ ᠬᠡᠷᠡᠭᠰᠡᠯ ᠰᠠᠴᠤᠬᠤ ᠥᠬᠡᠶ᠂ ᠣᠷᠴᠢᠨ ᠲᠣᠭᠤᠷᠢᠨ ᠢ ᠪᠣᠬᠢᠷᠲᠤᠭᠤᠯᠬᠤ ᠥᠬᠡᠶ᠂ ᠪᠤᠰᠤᠳ ᠤᠨ ᠠᠮᠢᠳᠤᠷᠠᠯ ᠢ ᠨᠥᠯᠥᠭᠡᠯᠡᠬᠦ ᠥᠬᠡᠶ | ᠪᠠᠶᠢᠵᠤ᠂ ᠪᠣᠯᠪᠠᠰᠤᠨ᠂ ᠡᠶ᠎ᠡ ᠵᠣᠬᠢᠴᠠᠩᠭᠤᠶ ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠲᠠᠬᠢᠯᠭ᠎ᠠ ᠶᠢᠨ ᠠᠵᠢᠯᠯᠠᠭ᠎ᠠ ᠶᠢ ᠠᠮᠤᠷ ᠲᠦᠪᠰᠢᠨ᠂ | ᠲᠣᠭᠲᠠᠭᠤᠨ᠂ ᠡᠮᠬᠢ ᠵᠢᠷᠤᠮ ᠲᠠᠢ ᠪᠠᠶᠢᠯᠭᠠᠶ᠎ᠠ᠃ | ᠳᠥᠷᠪᠡ ᠳᠤ᠂ ᠨᠠᠮ ᠤᠨ ᠭᠡᠰᠢᠭᠦᠨ ᠲᠦᠷᠦᠭᠦᠯᠡᠨ ᠦᠯᠢᠭᠡᠷ ᠲᠠᠭᠤᠷᠢᠶᠠᠯ ᠦᠵᠡᠭᠦᠯᠦᠶ᠎ᠡ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠤᠰᠢᠭᠤᠴᠢ ᠵᠢᠱᠢᠶᠡᠴᠢ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠪᠡᠶ᠎ᠡ ᠪᠠᠷ ᠢᠶᠠᠨ ᠬᠡᠪ ᠲᠦᠷᠢᠮ ᠦᠵᠡᠬᠦᠯᠵᠤ᠂ ᠲᠦᠷᠦᠯ ᠰᠠᠳᠤᠨ ᠨᠠᠶᠢᠵᠠ ᠨᠥᠬᠦᠳ | ᠪᠠ ᠳᠡᠷᠭᠡᠳᠡᠬᠢ ᠤᠯᠠᠨ ᠲᠦᠮᠡᠨ ᠳᠡᠭᠡᠨ ᠪᠣᠯᠪᠠᠰᠤᠨ ᠪᠦᠭᠡᠳ ᠡᠷᠡᠭᠦᠯ ᠲᠠᠬᠢᠯᠭ᠎ᠠ ᠶᠢᠨ ᠬᠡᠯᠪᠡᠷᠢ ᠶᠢ ᠤᠬᠠᠭᠤᠯᠬᠤ ᠶᠢᠨ ᠬᠠᠮᠲᠤ ᠪᠣᠯᠪᠠᠰᠤᠨ ᠪᠤᠰᠤ᠂ ᠵᠢᠷᠤᠮᠵᠢᠩᠭᠤᠢ ᠪᠤᠰᠤ᠂ ᠠᠮᠤᠷ | ᠲᠦᠪᠰᠢᠨ ᠪᠤᠰᠤ ᠲᠠᠬᠢᠯᠭ᠎ᠠ ᠶᠢᠨ ᠠᠵᠢᠯᠯᠠᠭ᠎ᠠ ᠳᠤ ᠬᠠᠷᠢᠯᠴᠠᠨ ᠬᠢᠨᠠᠯᠲᠠ ᠲᠠᠯᠪᠢᠬᠤ ᠪᠠ ᠬᠤᠷᠢᠭᠯᠠᠨ ᠵᠣᠭᠰᠣᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ | ᠨᠥᠯᠥᠭᠡᠯᠡᠨ ᠳᠠᠶᠢᠴᠢᠯᠠᠵᠤ᠂ ᠲᠠᠬᠢᠯᠭ᠎ᠠ ᠬᠢᠬᠦ ᠰᠢᠨ᠎ᠡ ᠰᠤᠷᠲᠠᠯ ᠢ ᠪᠤᠢ ᠪᠤᠯᠭᠠᠵᠤ᠂ ᠪᠣᠯᠪᠠᠰᠤᠨ ᠢᠶᠠᠷ ᠲᠠᠬᠢᠯᠭ᠎ᠠ ᠬᠢᠬᠦ ᠶᠢ ᠡᠷᠬᠢᠮᠯᠡᠵᠦ᠂ ᠪᠢᠳᠠᠨ ᠤ ᠣᠷᠴᠢᠨ ᠲᠣᠭᠤᠷᠢᠨ ᠢᠶᠠᠨ ᠨᠡᠩ | ᠰᠠᠶᠢᠨ ᠰᠠᠶᠢᠬᠠᠨ ᠪᠤᠯᠭᠠᠶ᠎ᠠ᠃ | ᠪᠣᠯᠪᠠᠰᠤᠨ ᠬᠡᠷ ᠣᠷᠣᠨ ᠢᠶᠠᠨ ᠬᠠᠮᠲᠤ ᠪᠠᠷ ᠪᠠᠶᠢᠭᠤᠯᠤᠶ᠎ᠠ᠃ ᠪᠢᠳᠡ ᠪᠣᠯᠪᠠᠰᠤᠨ ᠢᠶᠠᠷ ᠲᠠᠬᠢᠯᠭ᠎ᠠ ᠬᠢᠬᠦ ᠵᠢᠱᠢᠶ᠎ᠡ ᠦᠵᠡᠭᠦᠯᠦᠭᠴᠢ᠂ ᠪᠠᠭ᠎ᠠ ᠨᠡᠭᠦᠷᠡᠰᠦᠲᠥ᠋ᠷᠥᠭᠴᠢᠲᠦ ᠡᠷᠡᠭᠦᠯ | ᠮᠡᠨᠳᠦ ᠶᠢᠨ ᠣᠶᠢᠯᠠᠭᠠᠭᠳᠠᠬᠤᠨ ᠤ ᠦᠢᠯᠡᠳᠦᠯᠭᠡᠵᠢᠭᠦᠯᠦᠭᠴᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠠᠳᠠᠷᠠᠭᠤᠯᠤᠭᠴᠢ ᠪᠣᠯᠤᠶ᠎ᠠ᠃ ᠪᠣᠬᠢᠷᠲᠤᠯ ᠥᠬᠡᠶ᠂ ᠪᠣᠯᠪᠠᠰᠤᠨ | ᠂ ᠰᠢᠨ᠎ᠡ ᠮᠠᠶ᠋ᠢᠭ ᠤᠨ ᠲᠠᠬᠢᠯᠭ᠎ᠠ ᠶᠢᠨ ᠬᠡᠯᠪᠡᠷᠢ ᠪᠠᠷ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ | ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ | 2024 ᠣᠨ ᠤ 4 ᠰᠠᠷ᠎ᠠ ᠶᠢᠨ 1 ᠤ ᠡᠳᠦᠷ | |