ᠬᠥᠬᠡᠬᠤᠲᠠ ᠪᠤᠭᠤᠲᠤ ᠣᠷᠳᠣᠰ ᠤᠯᠠᠭᠠᠨᠴᠠᠪ ᠲᠦᠷᠪᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠣᠶᠣᠨᠲᠣ ᠬᠤᠳᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠬᠠᠮᠲᠤᠷᠠᠭᠰᠠᠨ ᠵᠥᠪᠯᠡᠯᠭᠡᠨ ᠤ ᠠᠩᠬᠠᠳᠤᠭᠠᠷ ᠤᠳᠠᠭ᠎ᠠ ᠶᠢᠨ ᠵᠥᠪᠯᠡᠬᠦ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/4/3
      ︵ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ︶ 4 ᠳ᠋ᠦ᠋ᠭᠡᠷ ᠰᠠᠷ᠎ᠠ ᠶᠢᠨ 2 ᠤᠨ ᠡᠳᠦᠷ᠂ ᠬᠥᠬᠡᠬᠤᠲᠠ᠂ ᠪᠤᠭᠤᠲᠤ ᠬᠤᠳᠠ᠂ ᠣᠷᠳᠣᠰ ᠬᠤᠳᠠ᠂ ᠤᠯᠠᠭᠠᠨᠴᠠᠪ ᠬᠤᠳᠠ ᠲᠦᠷᠪᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠳᠠ ᠶᠢᠨ ᠣᠶᠤᠨᠲᠤ ᠬᠤᠳᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠬᠠᠮᠲᠤᠷᠠᠭᠰᠠᠨ ᠵᠥᠪᠯᠡᠯᠭᠡᠨ ᠤ ᠠᠩᠬᠠᠳᠤᠭᠠᠷ ᠤᠳᠠᠭ᠎ᠠ ᠶᠢᠨ ᠵᠥᠪᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃      ᠬᠤᠷᠠᠯ ᠳᠡᠭᠡᠷ᠎ᠡ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ ᠢ ᠤᠷᠢᠵᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠦᠪᠵᠢᠭᠦᠯᠭᠡ ᠵᠢᠴᠢ ᠠᠷᠭ᠎ᠠ ᠬᠡᠮᠵᠢᠶ᠎ᠡ ᠨᠦᠭᠦᠳ ᠤᠨ ᠲᠤᠬᠠᠢ ᠲᠠᠨᠢᠯᠴᠠᠭᠤᠯᠪᠠ︔ ᠲᠦᠷᠪᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠠᠮᠲᠤᠷᠠᠨ ᠵᠥᠪᠯᠡᠬᠦ ᠲᠣᠭᠲᠠᠴᠠ᠂ ᠠᠵᠢᠯ ᠤᠨ ᠲᠥᠰᠥᠯ ᠵᠢᠴᠢ ᠰᠡᠳᠦᠪ ᠤᠨ ᠲᠣᠪᠴᠢ ᠵᠡᠷᠭᠡ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ ᠪᠠᠲᠤᠯᠠᠪᠠ᠃ ᠲᠦᠷᠪᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ᠂ ᠭᠡᠰᠢᠭᠦᠳ ᠪᠣᠯᠣᠨ ᠵᠣᠴᠢᠳ ᠳᠡᠭᠡᠷᠡᠬᠢ ᠪᠢᠴᠢᠭ ᠮᠠᠲ᠋ᠧᠷᠢᠶᠠᠯ ᠤᠨ ᠲᠣᠭᠤᠷᠢᠨ ᠳᠤ ᠶᠠᠷᠢᠯᠴᠠᠨ ᠶᠠᠷᠢᠶ᠎ᠠ ᠲᠠᠯᠪᠢᠪᠠ᠃      ᠬᠤᠷᠠᠯ ᠠᠴᠠ᠂ ᠲᠤᠰ ᠤᠳᠠᠭ᠎ᠠ ᠶᠢᠨ ᠵᠥᠪᠯᠡᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠲᠣᠭᠲᠠᠴᠠ ᠪᠠᠨ ᠪᠦᠷᠢᠨᠰᠢᠭᠦᠯᠵᠦ᠂ ᠬᠠᠮᠲᠤᠷᠠᠨ ᠵᠥᠪᠯᠡᠬᠦ ᠪᠠᠷ ᠳᠠᠮᠵᠢᠨ ᠤᠶᠤᠨ ᠤᠬᠠᠭᠠᠨ ᠢ ᠰᠡᠩᠬᠡᠷᠡᠭᠦᠯᠵᠦ᠂ ᠬᠠᠷᠠᠭ᠎ᠠ ᠪᠠᠨ ᠥᠷᠭᠡᠳᠬᠡᠵᠦ ᠂ ᠡᠬᠢ ᠪᠠᠶᠠᠯᠢᠭ ᠢ ᠨᠡᠶᠢᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠲᠠᠪᠴᠠᠩ ᠢ ︽ᠬᠤᠯᠪᠣᠵᠤ︾᠂ ᠬᠥᠭᠵᠢᠯᠲᠡ ᠶᠢᠨ ᠰᠠᠶᠢᠨ ᠰᠠᠨᠠᠭᠤᠯᠭ᠎ᠠ ᠶᠢ ︽ᠵᠥᠪᠯᠡᠵᠦ︾᠂ ᠨᠡᠩ ᠤᠯᠠᠨ ᠬᠠᠮᠲᠤᠷᠠᠯᠴᠠᠭᠠᠨ ᠤ ᠣᠷᠣᠨ ᠵᠠᠢ ᠶᠢ ᠬᠠᠮᠲᠤᠪᠠᠷ ᠨᠡᠭᠡᠭᠡᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠢ ᠬᠥᠭᠵᠢᠯᠲᠡ ᠳᠤ ᠬᠦᠴᠦ ᠪᠠᠨ ᠡᠷᠭᠦᠬᠦ ︽ᠰᠠᠶᠢᠨ ᠠᠷᠭ᠎ᠠ︾ ᠭᠠᠷᠭᠠᠵᠤ᠂ ᠢᠳᠡᠪᠬᠢ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠡᠷᠬᠢᠯᠡᠭᠴᠢ ᠶᠠᠩ ᠸᠧᠢ ᠳ᠋ᠦᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠲᠦᠷᠪᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠬᠠᠮᠢᠶ᠎ᠠ ᠪᠦᠬᠦᠢ ᠲᠤᠰᠬᠠᠢ ᠵᠥᠪᠯᠡᠯ ᠤᠨ ᠡᠷᠬᠢᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠵᠢᠴᠢ ᠰᠤᠳᠤᠯᠭᠠᠨ ᠤ ᠳᠤᠭᠤᠶᠢᠯᠠᠩ ᠤᠨ ᠬᠠᠮᠢᠶ᠎ᠠ ᠪᠦᠬᠦᠢ ᠬᠥᠮᠥᠰ ᠣᠷᠣᠯᠴᠠᠪᠠ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠥᠬᠡᠬᠤᠲᠠ ᠶᠢᠨ ᠬᠤᠳᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠰᠢᠢᠳᠪᠦᠷᠢᠯᠡᠵᠦ ᠲᠣᠬᠢᠷᠠᠭᠤᠯᠬᠤ ᠲᠥᠪ᠂ ᠣᠶᠤᠨᠲᠤ ᠵᠠᠮ ᠬᠠᠷᠢᠯᠴᠠᠭᠠᠨ ᠤ ᠵᠢᠯᠣᠭᠤᠳᠤᠨ ᠲᠣᠬᠢᠷᠠᠭᠤᠯᠬᠤ ᠲᠠᠪᠴᠠᠩ᠂ ᠬᠤᠳᠠ ᠶᠢᠨ ᠦᠵᠡᠭᠦᠯᠦᠯᠭᠡ ᠶᠢᠨ ᠲᠥᠪ᠂ ᠣᠶᠤᠨᠲᠤ ᠬᠤᠳᠠ ᠶᠢᠨ ᠵᠢᠯᠤᠭᠤᠳᠬᠤ ᠲᠥᠪ ᠲᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ