1—2 ᠳ᠋ᠤᠭᠠᠷ ᠰᠠᠷ᠎ᠠ ᠳᠤ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠯᠠᠬᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠭᠠᠷᠤᠯᠲᠠ ᠴᠥᠮ ᠨᠡᠮᠡᠭᠳᠡᠪᠡ
ᠨᠡᠶᠢᠲᠡᠯᠡᠭᠰᠡᠨ ᠴᠠᠭ᠄
2024/4/3
      ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ 1—2 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠯᠠᠬᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ᠄ ᠲᠦᠭᠦᠬᠡᠢ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠪᠣᠯᠣᠨ ᠢᠯᠴᠢ ᠶᠢᠨ ᠬᠦᠴᠦᠨ ᠤ ᠭᠠᠷᠤᠯᠲᠠ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠲᠦᠭᠦᠬᠡᠢ ᠴᠢᠯᠠᠭᠤᠨ ᠲᠣᠰᠣ ᠶᠢ ᠪᠣᠯᠪᠠᠰᠤᠷᠠᠭᠤᠯᠤᠭᠰᠠᠨ ᠬᠡᠮᠵᠢᠶ᠎ᠡ ᠪᠣᠯᠣᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠷᠤᠯᠲᠠ ᠴᠥᠮ ᠪᠠᠭ᠎ᠠ ᠨᠡᠮᠡᠭᠳᠡᠵᠡᠢ       ᠨᠡᠭᠦᠷᠡᠰᠦᠨ ᠤ ᠭᠠᠷᠤᠯᠲᠠ ᠲᠦᠷᠭᠡᠨ ᠢᠶᠠᠷ ᠨᠡᠮᠡᠭᠳᠡᠪᠡ᠃ 1—2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠨᠡᠭᠦᠷᠡᠰᠦᠨ ᠤ ᠭᠠᠷᠤᠯᠲᠠ 10.7 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 44.7% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.3 ᠲᠦᠮᠡᠨ ᠲᠣᠨ ᠨᠡᠮᠡᠭᠳᠡᠵᠡᠢ᠃      ᠴᠠᠬᠢᠯᠭᠠᠨ ᠭᠠᠷᠭᠠᠬᠤ ᠬᠡᠮᠵᠢᠶ᠎ᠡ ᠡᠬᠢᠯᠡᠭᠡᠳ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ 1—2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 123.5 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 20.4% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ︵4.7%︶ ᠬᠢ ᠠᠴᠠ 15.7 ᠵᠠᠭᠤᠨ ᠤ ᠨᠢᠭᠡᠴᠢ ᠥᠷᠭᠡᠳᠴᠡᠢ᠃      ᠴᠠᠬᠢᠯᠭᠠᠨ ᠭᠠᠷᠭᠠᠬᠤ ᠠᠷᠭ᠎ᠠ ᠬᠡᠯᠪᠡᠷᠢ ᠠᠴᠠ ᠦᠵᠡᠪᠡᠯ᠂ ᠬᠡᠷᠡᠯ ᠴᠠᠬᠢᠯᠭᠠᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ ᠳᠣᠷᠣᠭᠰᠢᠯᠠᠭᠰᠠᠨ ᠢ ᠭᠠᠷᠭᠠᠪᠠᠯ᠂ ᠢᠯᠴᠢ ᠶᠢᠨ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ᠂ ᠤᠰᠤᠨ ᠴᠠᠬᠢᠯᠭᠠᠨ ᠤ ᠨᠡᠮᠡᠭᠳᠡᠯ ᠤᠨ ᠬᠤᠷᠳᠤᠴᠠ ᠴᠥᠮ ᠨᠡᠮᠡᠭᠳᠡᠯ ᠤᠨ ᠬᠠᠨᠳᠤᠰᠢ ᠲᠠᠢ ᠪᠠᠶᠢᠨ᠎ᠠ᠃ ᠭᠠᠯ ᠤᠨ ᠬᠦᠴᠦᠨ ᠤ ᠴᠠᠬᠢᠯᠭᠠᠨ ᠭᠠᠷᠭᠠᠯᠲᠠ 112.4 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 20.9% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 17.6 ᠵᠠᠭᠤᠨ ᠤ ᠨᠢᠭᠡᠴᠢ ᠥᠷᠭᠡᠳᠴᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠥᠰᠦᠯᠲᠡ ᠶᠢᠨ ᠭᠤᠣᠯ ᠬᠦᠴᠦᠨ ᠪᠣᠯᠪᠠ︔ ᠰᠠᠯᠬᠢᠨ ᠬᠦᠴᠦᠨ ᠤ ᠴᠠᠬᠢᠯᠭᠠᠨ ᠭᠠᠷᠭᠠᠯᠲᠠ 6.7 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.7 ᠵᠠᠭᠤᠨ ᠤ ᠨᠢᠭᠡᠴᠢ ᠪᠠᠭᠤᠷᠠᠪᠠ︔ ᠤᠰᠤᠨ ᠬᠦᠴᠦᠨ ᠤ ᠴᠠᠬᠢᠯᠭᠠᠨ ᠭᠠᠷᠭᠠᠯᠲᠠ 2.9 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 9.9% ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.9 ᠵᠠᠭᠤᠨ ᠤ ᠨᠢᠭᠡᠴᠢ ᠥᠷᠭᠡᠳᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ 1.5 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠪᠠ᠂ ᠲᠣᠰ ᠬᠤᠭᠤᠴᠠᠭᠠᠨ ᠤ ᠣᠨᠴᠠᠭᠠᠶ ᠴᠠᠭ ᠠᠭᠤᠷ ᠨᠡᠯᠢᠶᠡᠳ ᠠᠷᠪᠢᠨ᠂ ᠬᠡᠷᠡᠯ ᠤᠨ ᠲᠤᠰᠤᠯᠲᠠ ᠬᠦᠷᠦᠯᠴᠡᠬᠦ ᠦᠭᠡᠢ ᠠᠴᠠ ᠪᠣᠯᠵᠤ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.2 ᠵᠠᠭᠤᠨ ᠤ ᠨᠢᠭᠡᠴᠢ ᠪᠠᠭᠤᠷᠠᠪᠠ᠃      ᠴᠢᠯᠠᠭᠤᠵᠢᠮᠠᠯ ᠲᠦᠯᠡᠰᠢ ︵ᠭᠤᠣᠯᠳᠠᠭᠤ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠪᠠᠭᠲᠠᠨ᠎ᠠ︶ ᠪᠠᠷ ᠢᠯᠴᠢ ᠬᠠᠩᠭᠠᠬᠤ ᠪᠣᠯ ᠪᠦᠬᠦ ᠬᠤᠲᠠ ᠶᠢᠨ ᠢᠯᠴᠢ ᠬᠠᠩᠭᠠᠬᠤ ᠭᠤᠣᠯ ᠠᠷᠭ᠎ᠠ ᠮᠠᠶ᠋ᠢᠭ ᠪᠣᠯᠣᠨ᠎ᠠ᠃ 1—2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠠᠷᠭᠠᠭᠰᠠᠨ ᠢᠯᠴᠢ ᠶᠢᠨ ᠬᠦᠴᠦᠨ 4310.7 ᠲᠦᠮᠡᠨ ᠺᠢᠯᠤ᠋ ᠵᠣᠶᠢᠯ ᠬᠦᠷᠴᠦ᠂ ᠠᠳᠠᠯᠢ ᠬᠤᠭᠤᠴᠠᠭᠠᠨ ᠤ ᠬᠢ ᠠᠴᠠ 21.8%  ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠬᠢ ᠠᠴᠠ 15.8 ᠵᠠᠭᠤᠨ ᠤ ᠨᠢᠭᠡᠴᠢ ᠥᠷᠭᠡᠳᠴᠡᠢ᠃      ᠲᠦᠭᠦᠬᠡᠢ ᠴᠢᠯᠠᠭᠤᠨ ᠲᠣᠰᠣ ᠶᠢ ᠪᠣᠯᠪᠠᠰᠤᠷᠠᠭᠤᠯᠤᠭᠰᠠᠨ ᠬᠡᠮᠵᠢᠶ᠎ᠡ ᠪᠠ ᠪᠣᠯᠪᠠᠰᠤᠷᠠᠭᠤᠯᠤᠭᠰᠠᠨ ᠴᠢᠯᠠᠭᠤᠨ ᠲᠣᠰᠣ ᠪᠠᠭ᠎ᠠ ᠬᠡᠮᠵᠢᠶ᠎ᠡ ᠪᠠᠷ ᠨᠡᠮᠡᠭᠳᠡᠪᠡ᠃ 1—2 ᠳ᠋ᠤᠭᠠᠷ ᠰᠠᠷ᠎ᠠ ᠳᠤ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠴᠢᠯᠠᠭᠤᠨ ᠲᠣᠰᠣ ᠪᠣᠯᠪᠠᠰᠤᠷᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.2 ᠵᠠᠭᠤᠨ ᠤ ᠨᠢᠭᠡᠴᠢ ᠪᠠᠭᠤᠷᠠᠪᠠ᠃ ᠮᠠᠨ ᠤ ᠬᠤᠲᠠ ᠶᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠤᠣᠯ ᠭᠠᠷᠤᠯᠲᠠ ᠡᠳᠦᠢ ᠲᠡᠳᠦᠢ ᠨᠡᠮᠡᠭᠳᠡᠵᠡᠢ᠃ ᠡᠭᠦᠨ ᠳᠤ᠂ ᠴᠢᠶ᠋ᠢᠦ ᠲᠣᠰᠣᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 8.1% ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ 5.4 ᠵᠠᠭᠤᠨ ᠤ ᠨᠢᠭᠡᠴᠢ ᠬᠦᠷᠴᠡᠢ︔ ᠴᠠᠶᠢᠶ᠋ᠢᠦ ᠲᠣᠰᠣᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 3.9% ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.7 ᠵᠠᠭᠤᠨ ᠤ ᠨᠢᠭᠡᠴᠢ ᠪᠠᠭᠤᠷᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ