︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ | ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠨᠥᠭᠡᠴᠡᠯᠡᠬᠦ᠂ ᠬᠠᠮᠢᠶᠠᠷᠬᠤ ᠪᠠ ᠪᠡᠯᠡ ᠮᠥᠩᠭᠦ ᠣᠯᠬᠤ ᠵᠡᠷᠭᠡ ᠲᠠᠯ᠎ᠠ ᠶᠢᠨ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠫᠢᠶᠣᠣ | ᠪᠠᠷᠢᠮᠲᠠ ᠶᠢᠨ ᠲᠤᠯᠭᠠᠭᠤᠷᠢᠯᠠᠯ ᠢ ᠨᠢᠭᠡᠳ ᠨᠢᠭᠡ ᠪᠠᠷ ᠡᠮᠬᠢᠯᠡᠵᠦ᠂ ᠪᠦᠬᠦ ᠬᠤᠳᠠ ᠶᠢᠨ ᠨᠢᠭᠡᠳᠦᠭᠡᠷ ᠤᠯᠠᠷᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠᠲᠤ | ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠲᠦᠭᠵᠢᠮᠡᠯ ᠴᠡᠭ ᠤᠨ ᠠᠰᠠᠭᠤᠳᠠᠯ ᠢ ᠡᠮᠬᠢᠯᠡᠨ ᠳᠢᠭᠯᠡᠵᠦ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ | ᠴᠠᠭ ᠲᠤᠬᠠᠢ ᠳᠤᠨᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠬᠡᠷᠡᠭᠲᠡᠢ︔ ᠲᠥᠷᠥᠯ ᠵᠦᠢᠯ ᠢ ᠨᠥᠭᠡᠴᠡᠯᠡᠬᠦ ᠠᠵᠢᠯ ᠢ ᠬᠦᠴᠦᠯᠡᠨ ᠰᠠᠶᠢᠲᠤᠷ ᠬᠢᠵᠦ᠂ ᠲᠥᠪ ᠤᠨ ᠲᠥᠰᠥᠪ ᠤᠨ | ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠤᠷᠳᠤ ᠬᠤᠭᠤᠴᠠᠭᠠᠨ ᠤ ᠤᠯᠤᠰ ᠤᠨ | ᠵᠢᠭᠡᠯᠡᠯᠭᠡ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠠᠴᠠ ᠳᠠᠪᠠᠭᠰᠠᠨ ᠬᠦᠷᠢᠶ᠎ᠡ ᠶᠢ ᠴᠢᠩᠭ᠎ᠠ ᠠᠩᠬᠠᠷᠴᠤ᠂ ᠨᠢᠭᠡ ᠪᠦᠯᠦᠭ ᠦᠷ᠎ᠡ ᠠᠰᠢᠭ ᠢᠶᠠᠷ | ᠰᠠᠶᠢᠨ᠂ ᠳᠠᠶᠢᠴᠢᠯᠠᠬᠤ ᠴᠢᠨᠠᠷ ᠢᠶᠠᠷ ᠴᠢᠩᠭ᠎ᠠ ᠲᠥᠷᠥᠯ ᠵᠦᠢᠯ ᠢ ᠤᠷᠢᠳᠴᠢᠯᠠᠨ ᠲᠥᠯᠥᠪᠯᠡᠨ ᠨᠥᠭᠡᠴᠡᠯᠡᠵᠦ᠂ ᠲᠥᠷᠥᠯ ᠵᠦᠢᠯ ᠤᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠪᠠᠷ | ᠭᠤᠶᠤᠴᠢᠯᠠᠨ ᠮᠡᠳᠡᠭᠦᠯᠬᠦ ᠬᠡᠷᠡᠭᠲᠡᠢ︔ ᠪᠦᠬᠦ ᠶᠠᠪᠤᠴᠠ ᠪᠠᠷ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠳᠤ᠂ ᠡᠷᠬᠡᠪᠰᠢ ︽ᠠᠵᠢᠯ ᠡᠬᠢᠯᠡᠬᠦ ᠳᠤ ᠠᠬᠤᠢ | ᠲᠠᠯᠠᠪᠠᠢ ᠳᠤ ᠬᠦᠷᠴᠦ᠂ ᠪᠦᠲᠦᠭᠡᠨ ᠪᠠᠶᠢᠭᠤᠯᠬᠤ ᠳᠤ ᠠᠬᠤᠢ ᠲᠠᠯᠠᠪᠠᠢ ᠳᠤ ᠬᠦᠷᠴᠦ᠂ ᠪᠠᠷᠢᠯᠭ᠎ᠠ ᠳᠠᠭᠤᠰᠬᠤ ᠳᠤ ᠠᠬᠤᠢ ᠲᠠᠯᠠᠪᠠᠢ ᠳᠤ ᠬᠦᠷᠴᠦ︾᠂ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠬᠡᠵᠦ ᠴᠢᠩᠭᠠᠳᠬᠠᠪᠠ᠃ |