︽ᠥᠪᠥᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ︾ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠠᠵᠢᠯ ᠤᠨ ᠥᠷᠲᠡᠭᠡ ᠵᠢᠩᠬᠢᠨᠢ ᠪᠠᠷ ᠲᠤᠷᠰᠢᠨ ᠠᠵᠢᠯᠯᠠᠪᠠ
ᠨᠡᠶᠢᠲᠡᠯᠡᠭᠰᠡᠨ ᠴᠠᠭ᠄
2024/4/7
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠵᠠᠩ ᠵᠢᠶᠠᠨ ᠵᠦᠩ︶ ᠣᠶᠢᠷ᠎ᠠ ᠶᠢᠨ ᠡᠳᠦᠷ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠬᠠᠮᠲᠤ ᠪᠠᠷ ᠴᠣᠭᠴᠠᠯᠠᠭᠰᠠᠨ ︽ᠥᠪᠥᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ︾ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠠᠵᠢᠯ ᠤᠨ ᠦᠷᠲᠡᠭᠡ ᠵᠢᠩᠬᠢᠨᠢ ᠪᠠᠷ ᠲᠤᠷᠰᠢᠨ ᠠᠵᠢᠯᠯᠠᠵᠤ᠂ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠪᠦᠬᠦ ᠲᠠᠯ᠎ᠠ ᠶᠢᠨ ᠪᠡᠯᠡ ᠬᠤᠷᠠᠮᠳᠤᠭᠤᠯᠬᠤ ᠦᠢᠯᠡᠴᠢᠯᠡᠭᠡ ᠬᠠᠩᠭᠠᠪᠠ᠂ ᠡᠨᠡ ᠨᠢ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠠᠵᠢᠯ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃       ᠣᠶᠢᠯᠠᠭᠠᠭᠰᠠᠨ ᠢᠶᠠᠷ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠠᠵᠢᠯ ᠤᠨ ᠥᠷᠲᠡᠭᠡ ︽1+1+3︾ ᠦᠢᠯᠡᠴᠢᠯᠡᠭᠡᠨ ᠤ ᠵᠠᠭᠪᠤᠷ ᠢ ᠬᠡᠷᠡᠭᠯᠡᠵᠦ ᠪᠠᠶᠢᠨ᠎ᠠ᠂ ᠲᠤᠬᠠᠶᠢᠯᠠᠪᠠᠯ 1 ᠮᠡᠷᠭᠡᠵᠢᠯ ᠤᠨ ᠵᠠᠭᠤᠴᠢᠯᠠᠭᠴᠢ 1 ᠮᠥᠩᠭᠦᠨ ᠭᠦᠢᠯᠭᠡᠭᠡᠨ ᠤ ᠵᠥᠪᠯᠡᠭᠴᠢ ᠶᠢ ᠳᠠᠭᠠᠭᠤᠯᠤᠨ 3 ᠠᠵᠤ ᠠᠬᠤᠶᠢᠯᠠᠯ ᠳᠤ ᠦᠢᠯᠡᠴᠢᠯᠡᠨ᠎ᠡ᠂ ᠡᠭᠦᠨ ᠤ ᠵᠣᠷᠢᠯᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠨᠠᠷᠢᠯᠢᠭ ᠣᠨᠣᠴᠠᠲᠠᠢ ᠪᠠᠷ ᠣᠷᠣᠭᠤᠯᠬᠤ ᠶᠢᠨ ᠲᠥᠯᠥᠭᠡ ᠶᠤᠮ᠃ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠨᠢ ᠠᠩᠬᠠᠳᠠᠭᠴᠢ ᠵᠢᠵᠢᠭᠦᠷ ᠪᠠᠩᠬᠢ ᠪᠣᠯᠤᠭᠰᠠᠨ ᠤ ᠬᠤᠪᠢ ᠳᠤ᠂ ᠨᠢᠭᠡᠨᠲᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠲᠤᠰᠬᠠᠢ ᠬᠠᠷᠢᠶᠠᠯᠠᠭᠳᠠᠬᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ︱︽ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠭᠡᠯᠡᠯᠭᠡ︾ ᠶᠢ ᠭᠠᠷᠭᠠᠵᠤ᠂ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠬᠦᠷᠴᠦ᠂ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠲᠤᠰᠬᠠᠢ ᠦᠢᠯᠡᠴᠢᠯᠡᠨ᠎ᠡ᠃ ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠠᠵᠢᠯ ᠤᠨ ᠥᠷᠲᠡᠭᠡ ᠨᠢ ᠪᠠᠰᠠ ᠪᠡᠯᠡ ᠬᠤᠷᠠᠮᠳᠤᠭᠤᠯᠭ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠵᠢᠭᠡᠯᠡᠯᠭᠡ ᠶᠢ ᠵᠣᠯᠭᠠᠭᠤᠯᠤᠨ ᠰᠣᠯᠢᠯᠴᠠᠬᠤ᠂ ᠮᠥᠩᠭᠦᠨ ᠭᠦᠢᠯᠭᠡᠭᠡᠨ ᠤ ᠮᠡᠳᠡᠯᠭᠡ ᠶᠢᠨ ᠵᠢᠯᠣᠭᠤᠳᠤᠯᠭ᠎ᠠ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠵᠡᠷᠭᠡ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠴᠢᠳᠠᠮᠵᠢ ᠲᠠᠢ ᠪᠠᠶᠢᠵᠤ᠂ ᠳᠣᠷᠣᠭᠰᠢ ᠪᠠᠭᠤᠬᠤ ᠮᠠᠶ᠋ᠢᠭ ᠤᠨ ᠦᠢᠯᠡᠴᠢᠯᠡᠭᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠶᠢ ᠨᠠᠩ ᠰᠠᠶᠢᠲᠤᠷ ᠣᠶᠢᠯᠠᠭᠠᠵᠤ᠂ ᠠᠵᠤ ᠠᠬᠤᠶᠢᠯᠠᠯ ᠳᠤ ᠨᠠᠩ ᠢᠯᠡᠭᠦᠦ ᠳᠣᠲᠣᠨᠣ᠂ ᠲᠤᠰᠬᠠᠢ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ ᠴᠢᠳᠠᠨ᠎ᠠ᠃       ᠲᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠠᠵᠢᠯ ᠤᠨ ᠥᠷᠲᠡᠭᠡ ᠨᠢ ︽ᠥᠪᠥᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ︾ ᠤᠨ ᠲᠠᠪᠴᠠᠩ ᠤᠨ ᠠᠵᠤ ᠠᠬᠤᠶᠢᠯᠠᠯ ᠤᠨ ᠡᠬᠢ ᠪᠠᠶᠠᠯᠢᠭ ᠲᠤ ᠰᠠᠭᠤᠷᠢᠯᠠᠨ᠂ ᠪᠥᠬᠦ ᠬᠤᠲᠠ ᠴᠢᠨᠠᠭᠰᠢᠯᠠᠪᠠᠯ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠬᠠᠨᠳᠤᠭᠤᠯᠤᠨ᠂ ᠪᠥᠬᠦ ᠲᠠᠯ᠎ᠠ ᠶᠢᠨ᠂ ᠨᠠᠷᠢᠯᠢᠭ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠥᠩᠭᠦᠨ ᠭᠦᠢᠯᠭᠡᠭᠡᠨ ᠤ ᠭᠦᠨᠵᠡᠭᠡᠢ ᠠᠭᠤᠰᠤᠯᠴᠠᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ︽ᠥᠪᠥᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ︾ ᠤᠨ ᠲᠠᠪᠴᠠᠩ ᠤᠨ ᠶᠡᠷᠦᠩᠬᠡᠢ ᠴᠣᠩᠬᠤᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠳᠡᠮᠵᠢᠯᠭᠡ ᠬᠠᠩᠭᠠᠨ᠎ᠠ᠃ ᠡᠭᠦᠨ ᠤ ᠵᠡᠷᠭᠡ ᠳᠤ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠶᠢ ᠦᠨᠳᠦᠰᠦᠯᠡᠨ ᠲᠤᠰᠬᠠᠢ ᠬᠠᠷᠢᠶᠠᠯᠠᠭᠳᠠᠬᠤ ᠮᠥᠩᠭᠦᠨ ᠭᠦᠢᠯᠭᠡᠭᠡᠨ ᠤ ᠦᠢᠯᠡᠳᠬᠦᠨ ᠢ ᠵᠢᠷᠤᠭᠯᠠᠨ ᠲᠥᠯᠥᠪᠯᠡᠵᠦ᠂ ᠨᠢᠭᠤᠷᠲᠠᠨ ᠰᠣᠯᠢᠯᠴᠠᠬᠤ᠂ ᠪᠡᠶ᠎ᠡ ᠪᠠᠷ ᠢᠶᠠᠨ ᠵᠢᠯᠤᠭᠤᠳᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ