2024 ᠣᠨ ᠤ 2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠨᠡᠶᠢᠲᠡ 43.04 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠸ ᠵᠢᠯ ᠤᠨ ᠬᠢ ᠠᠴᠠ 3.62 ᠳ᠋ᠦᠩᠰᠢᠭᠤᠷ ᠲᠥᠭᠦᠷᠢᠭ ᠨᠡᠮᠡᠭᠳᠡᠨ᠂ 9.2% ᠢᠶᠠᠷ ᠨᠡᠮᠡᠭᠳᠡᠪᠡ᠃ | ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠨᠡᠶᠢᠲᠡ 79.32 ᠳ᠋ᠦᠩᠰᠢᠭᠤᠷ ᠲᠥᠭᠦᠷᠢᠭ ᠬᠦᠷᠴᠦ᠂ ᠲᠦᠷᠦᠭᠦᠸ | ᠵᠢᠯ ᠤᠨ ᠬᠢ ᠠᠴᠠ 24.1 ᠳ᠋ᠦᠩᠰᠢᠭᠤᠷ ᠲᠥᠭᠦᠷᠢᠭ ᠨᠡᠮᠡᠭᠳᠡᠨ᠂ 43.7% ᠪᠠᠷ ᠨᠡᠮᠡᠭᠳᠡᠪᠡ᠃ ᠡᠭᠦᠨ ᠳᠤ᠂ ᠡᠩ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠠᠷᠤᠯᠭ᠎ᠠ 7.61 ᠳ᠋ᠦᠩᠰᠢᠭᠤᠷ ᠲᠥᠭᠦᠷᠢᠭ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 3.16 ᠳ᠋ᠦᠩᠰᠢᠭᠤᠷ ᠲᠥᠭᠦᠷᠢᠭ᠂ | ᠰᠤᠷᠭᠠᠨ ᠬᠥᠮᠦᠵᠢᠯ ᠤᠨ ᠵᠠᠷᠤᠯᠭ᠎ᠠ 9.18 ᠳ᠋ᠦᠩᠰᠢᠭᠤᠷ ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 1.4 | ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 13.52 ᠳ᠋ᠦᠩᠰᠢᠭᠤᠷ ᠲᠥᠭᠦᠷᠢᠭ᠂ ᠡᠷᠡᠭᠦᠯ ᠬᠠᠮᠠᠭᠠᠯᠠᠯ | ᠡᠷᠡᠭᠦᠯ ᠮᠡᠨᠳᠤ ᠶᠢᠨ ᠵᠠᠷᠤᠯᠭ᠎ᠠ 4.55 ᠳ᠋ᠦᠩᠰᠢᠭᠤᠷ ᠲᠥᠭᠦᠷᠢᠭ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠠᠷᠤᠯᠭ᠎ᠠ 2.01 | ᠳ᠋ᠦᠩᠰᠢᠭᠤᠷ ᠲᠥᠭᠦᠷᠢᠭ᠂ ᠬᠤᠳᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 18.31 ᠳ᠋ᠦᠩᠰᠢᠭᠤᠷ ᠲᠥᠭᠦᠷᠢᠭ᠂ ᠲᠠᠷᠢᠶᠠᠯᠠᠩ ᠤᠢ ᠰᠢᠭᠤᠢ ᠤᠰᠤᠨ | ᠠᠰᠢᠭᠯᠠᠯᠲᠠ ᠶᠢᠨ ᠵᠠᠷᠤᠯᠭ᠎ᠠ 6.5 ᠳ᠋ᠦᠩᠰᠢᠭᠤᠷ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 2.9 ᠳ᠋ᠦᠩᠰᠢᠭᠤᠷ ᠲᠥᠭᠦᠷᠢᠭ᠂ ᠡᠬᠢ | ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠶᠢᠨ ᠵᠠᠷᠤᠯᠭ᠎ᠠ 1.56 ᠳ᠋ᠦᠩᠰᠢᠭᠤᠷ ᠲᠥᠭᠦᠷᠢᠭ᠂ ᠪᠠᠶᠢᠭᠠᠯᠢ ᠶᠢᠨ ᠡᠬᠢ ᠪᠠᠶᠠᠯᠢᠭ ᠲᠠᠯᠠᠢ ᠲᠠᠩᠭᠢᠰ | ᠴᠠᠭ ᠠᠭᠤᠷ ᠵᠡᠷᠭᠡ ᠶᠢᠨ ᠵᠠᠷᠤᠯᠭ᠎ᠠ 0.51 ᠳ᠋ᠦᠩᠰᠢᠭᠤᠷ ᠲᠥᠭᠦᠷᠢᠭ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 2.3 ᠳ᠋ᠦᠩᠰᠢᠭᠤᠷ ᠲᠥᠭᠦᠷᠢᠭ᠂ | ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 0.64 ᠳ᠋ᠦᠩᠰᠢᠭᠤᠷ ᠲᠥᠭᠦᠷᠢᠭ᠂ ᠪᠤᠰᠤᠳ | ᠲᠦᠷᠦᠯ ᠤᠨ ᠵᠠᠷᠤᠯᠭ᠎ᠠ 5.17 ᠳ᠋ᠦᠩᠰᠢᠭᠤᠷ ᠲᠥᠭᠦᠷᠢᠭ ᠬᠦᠷᠴᠡᠢ᠃ | ᠪᠥᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠣᠷᠣᠯᠭ᠎ᠠ ᠨᠡᠶᠢᠲᠡ 29.12 ᠳ᠋ᠦᠩᠰᠢᠭᠤᠷ ᠲᠥᠭᠦᠷᠢᠭ ᠬᠦᠷᠪᠡ︔ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠨᠡᠶᠢᠳᠡ 16.48 ᠳ᠋ᠦᠩᠰᠢᠭᠤᠷ ᠲᠥᠭᠦᠷᠢᠭ ᠬᠦᠷᠪᠡ᠃ |