ᠮᠠᠨ ᠤ ᠬᠤᠲᠠ ᠲᠡᠦᠬᠡ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠰᠡᠷᠭᠦᠭᠡᠵᠦ ᠪᠠᠶᠢᠨ᠎ᠠ
ᠨᠡᠶᠢᠲᠡᠯᠡᠭᠰᠡᠨ ᠴᠠᠭ᠄
2024/4/8
       ︵ᠰᠤᠷᠪᠤᠯᠵᠢᠯᠠᠭᠴᠢ ᠰᠦᠩ ᠰᠢᠶᠠᠩ ᠬᠤᠸᠠ︶ 4 ᠳ᠋ᠦ᠋ᠭᠡᠷ ᠰᠠᠷ᠎ᠠ ᠶᠢᠨ 7 ᠤ ᠡᠳᠦᠷ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠮᠠᠨ ᠤ ᠬᠤᠳᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠤᠨ ᠡᠯ᠎ᠡ ᠵᠠᠰᠠᠯᠲᠠ ᠶᠢᠨ ᠣᠷᠣᠨ ᠤ ᠭᠠᠵᠠᠷ ᠤᠨ ᠬᠥᠷᠥᠰᠥ ᠦᠨᠳᠦᠰᠦᠨ ᠳᠡᠭᠡᠨ ᠭᠡᠰᠴᠦ᠂ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ 4 ᠳ᠋ᠦ᠋ᠭᠡᠷ ᠰᠠᠷ᠎ᠠ ᠶᠢᠨ 15  ᠤ ᠡᠳᠦᠷ ᠠᠴᠠ ᠡᠮᠦᠨ᠎ᠡ ᠪᠦᠬᠦᠨ ᠢ ᠠᠵᠢᠯ ᠢᠶᠠᠨ ᠰᠡᠷᠭᠦᠭᠡᠬᠦ ᠪᠠᠷ ᠴᠢᠷᠮᠠᠶᠢᠪᠠ᠃       ᠡᠨᠡ ᠵᠢᠯ ᠪᠣᠯ ᠲᠣᠰ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠮᠠᠨ ᠤ ᠬᠤᠲᠠ ᠭᠠᠵᠠᠷ ᠤᠨ ᠲᠥᠷᠬᠦ ᠪᠠᠶᠢᠳᠠᠯ ᠢ ᠬᠡᠯᠪᠡᠷᠢᠵᠢᠭᠦᠯᠦᠨ ᠵᠠᠰᠠᠬᠤ ᠠᠴᠠ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠵᠣᠯᠭᠠᠭᠤᠯᠬᠤ ᠰᠢᠯᠵᠢᠯᠲᠡ ᠶᠢᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠬᠢᠵᠦ᠂ 6 ᠳ᠋ᠤᠭᠠᠷ ᠰᠠᠷ᠎ᠠ ᠠᠴᠠ ᠡᠮᠦᠨ᠎ᠡ 991.25 ᠾᠧᠺᠲ᠋ᠠᠷ ᠭᠠᠵᠠᠷ ᠤᠨ ᠲᠥᠷᠬᠦ ᠪᠠᠶᠢᠳᠠᠯ ᠢ ᠬᠡᠯᠪᠡᠷᠢᠵᠢᠭᠦᠯᠬᠦ ᠢᠨᠵᠧᠨᠧᠷᠢᠩ ︵ᠰᠢᠷᠣᠢ ᠴᠢᠯᠠᠭᠤᠨ ᠤ ᠢᠨᠵᠧᠨᠧᠷᠢᠩ︶ ᠢ ᠰᠢᠯᠭᠠᠨ ᠠᠪᠬᠤ ᠠᠵᠢᠯ ᠢ ᠪᠡᠶᠡᠯᠡᠭᠦᠯᠵᠦ᠂ ᠪᠣᠷᠣᠭᠠᠨ ᠤ ᠤᠯᠠᠷᠢᠯ ᠪᠣᠯᠬᠤ ᠠᠴᠠ ᠡᠮᠦᠨ᠎ᠡ᠂ ᠨᠢᠭᠡᠨᠲᠡ ᠰᠢᠯᠭᠠᠨ ᠠᠪᠤᠭᠰᠠᠨ ᠵᠠᠰᠠᠬᠤ ᠣᠷᠣᠨ ᠳᠤ ᠲᠤᠷᠤᠭ ᠪᠣᠳᠠ ᠮᠣᠳᠣ ᠵᠠᠶᠢᠯᠠᠬᠤ ᠪᠠ ᠡᠪᠡᠰᠦᠨ ᠦᠷ᠎ᠡ ᠰᠠᠴᠤᠬᠤ ᠢᠨᠵᠧᠨᠧᠷᠢᠩ ᠢ ᠬᠡᠷᠡᠭᠵᠢᠭᠦᠯᠵᠦ᠂ ᠤᠷᠭᠤᠮᠠᠯ ᠤᠨ ᠬᠤᠴᠢᠯᠭ᠎ᠠ ᠶᠢᠨ ᠡᠳᠡᠭᠡᠷᠡᠯᠲᠡ ᠶᠢᠨ ᠨᠣᠷᠮ᠎ᠠ ᠶᠢ ᠦᠨᠡᠨ ᠬᠦ ᠪᠠᠲᠤᠯᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ