︵ᠰᠤᠷᠪᠤᠯᠵᠢᠯᠠᠭᠴᠢ ᠶᠦᠨ ᠶᠠᠨ ᠹᠠᠩ︶ ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠬᠠᠩᠰᠢ ᠶᠢᠨ | ᠠᠮᠠᠷᠠᠯᠲᠠ ︵4 ᠳ᠋ᠤᠭᠠᠷ ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ︶ ᠳᠤ᠂ ᠲᠤᠰ ᠨᠢᠰᠬᠡᠯ ᠤᠨ ᠪᠠᠭᠤᠳᠠᠯ ᠠᠶᠠᠨᠴᠢᠳ ᠢ 8.5 ᠲᠦᠮᠡᠨ ᠬᠥᠮᠥᠨ | ᠤᠳᠠᠭ᠎ᠠ ᠬᠦᠷᠭᠡᠵᠦ ᠲᠣᠰᠴᠤ᠂ ᠲᠡᠭᠡᠭᠡᠪᠦᠷᠢ ᠳᠤ 842 ᠨᠢᠰᠬᠡᠯ ᠤᠳᠠᠭ᠎ᠠ ᠨᠢᠰᠴᠦ ᠪᠠᠭᠤᠵᠤ᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠭᠰᠠᠨ ᠬᠡᠮᠵᠢᠶ᠎ᠡ | 266.7 ᠲᠣᠨ ᠬᠦᠷᠴᠦ᠂ ᠲᠤᠰ ᠲᠤᠰ 2019 ᠣᠨ ᠤ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ 87.4%᠂ 95.2% ᠪᠠ 129.8% | ᠪᠣᠯᠲᠠᠯ᠎ᠠ ᠰᠡᠷᠭᠦᠭᠡᠵᠦ᠂ ᠡᠳᠦᠷ ᠳᠤᠮᠳᠠᠴᠢ ᠶᠢᠨ ᠠᠶᠠᠨᠴᠢᠳ ᠤᠨ ᠲᠤᠭ᠎ᠠ 2.8 ᠲᠦᠮᠡᠨ ᠬᠥᠮᠥᠨ ᠤᠳᠠᠭ᠎ᠠ ᠬᠦᠷᠴᠦ᠂ ᠭᠠᠭᠴᠠ ᠡᠳᠦᠷ ᠤᠨ ᠬᠠᠮᠤᠭ ᠤᠨ | ᠣᠯᠠᠨ ᠲᠤᠭ᠎ᠠ 3.5 ᠲᠦᠮᠡᠨ ᠬᠥᠮᠥᠨ ᠤᠳᠠᠭ᠎ᠠ ᠲᠤᠯᠵᠠᠢ᠃ ᠡᠨᠡ ᠵᠢᠯ ᠤᠨ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠶᠡᠭᠡ ᠬᠡᠮᠵᠢᠶᠡᠨ ᠤ ᠠᠶᠠᠨᠴᠢᠳ | ᠤᠷᠢᠳᠴᠢᠯᠠᠨ ᠭᠠᠳᠠᠭᠰᠢ ᠭᠠᠷᠴᠤ᠂ 4 ᠳ᠋ᠤᠭᠠᠷ ᠰᠠᠷ᠎ᠠ ᠶᠢᠨ 3 ᠤ ᠡᠳᠦᠷ ᠠᠶᠠᠨᠴᠢᠳ ᠤᠨ ᠲᠤᠭ᠎ᠠ 3.7 ᠲᠦᠮᠡᠨ ᠬᠥᠮᠥᠨ ᠤᠳᠠᠭ᠎ᠠ ᠬᠦᠷᠴᠦ᠂ ᠡᠨᠡ ᠵᠢᠯ ᠤᠨ | 3 ᠳ᠋ᠤᠭᠠᠷ ᠰᠠᠷ᠎ᠠ ᠠᠴᠠ ᠨᠠᠭᠠᠰᠢᠬᠢ ᠭᠠᠭᠴᠠ ᠡᠳᠦᠷ ᠤᠨ ᠠᠶᠠᠨᠴᠢᠳ ᠤᠨ ᠲᠤᠭ᠎ᠠ ᠶᠢᠨ ᠬᠠᠮᠤᠭ ᠤᠨ ᠥᠨᠳᠥᠷ ᠬᠡᠮᠵᠢᠶᠡᠨ ᠳᠤ ᠬᠦᠷᠴᠡᠢ᠃ | ᠣᠶᠢᠯᠠᠭᠠᠭᠰᠠᠨ ᠢᠶᠠᠷ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠠᠶᠠᠨᠴᠢᠳ ᠭᠤᠣᠯᠳᠠᠭᠤ | ᠲᠥᠷᠥᠯ ᠰᠠᠳᠤᠨ ᠢᠶᠠᠨ ᠡᠷᠭᠢᠬᠦ᠂ ᠵᠢᠭᠤᠯᠴᠢᠯᠠᠬᠤ ᠵᠡᠷᠭᠡ ᠠᠶᠠᠨᠴᠢᠳ ᠢᠶᠠᠷ ᠪᠦᠷᠢᠯᠳᠦᠵᠡᠢ᠃ ᠠᠶᠠᠨᠴᠢᠳ ᠤᠨ ᠤᠷᠤᠰᠬᠠᠯ ᠤᠨ ᠬᠠᠨᠳᠤᠰᠢ ᠶᠢᠨ ᠪᠠᠶᠢᠳᠠᠯ ᠠᠴᠠ | ᠦᠵᠡᠪᠡᠯ᠂ ᠣᠷᠣᠨ ᠤ ᠳᠣᠲᠣᠷᠠᠬᠢ ᠠᠶᠠᠨᠴᠢᠳ ᠤᠨ ᠤᠷᠤᠰᠬᠠᠯ ᠭᠤᠣᠯᠳᠠᠭᠤ ᠤᠯᠠᠭᠠᠨᠬᠠᠳᠠ᠂ ᠲᠦᠩᠯᠢᠶᠣᠣ᠂ ᠬᠥᠯᠥᠨ ᠪᠤᠶᠢᠷ᠂ ᠰᠢᠯᠢᠩᠬᠤᠲᠠ᠂ | ᠤᠯᠠᠭᠠᠨᠬᠤᠲᠠ ᠵᠡᠷᠭᠡ ᠬᠤᠲᠠ ᠳᠤ ᠲᠥᠪᠯᠡᠷᠡᠵᠦ᠂ ᠣᠷᠣᠨ ᠤ ᠭᠠᠳᠠᠨᠠᠬᠢ ᠠᠶᠠᠨᠴᠢᠳ ᠤᠨ ᠤᠷᠤᠰᠬᠠᠯ ᠭᠤᠣᠯᠳᠠᠭᠤ ᠱᠠᠩᠬᠠᠢ᠂ ᠵᠧᠩᠵᠧᠦ᠂ ᠴᠧᠩᠳᠦ᠋᠂ | ᠨᠠᠨᠵᠢᠩ᠂ ᠭᠤᠸᠠᠩᠵᠧᠦ ᠵᠡᠷᠭᠡ ᠭᠠᠵᠠᠷ ᠲᠤ ᠲᠥᠪᠯᠡᠷᠡᠵᠦ᠂ ᠳᠡᠭᠡᠷ᠎ᠡ ᠳᠤᠷᠠᠳᠤᠭᠰᠠᠨ ᠬᠤᠲᠠ ᠶᠢᠨ ᠠᠶᠠᠨᠴᠢᠳ ᠤᠨ ᠲᠤᠭ᠎ᠠ ᠨᠢ ᠬᠠᠩᠰᠢ ᠶᠢᠨ ᠠᠮᠠᠷᠠᠯᠲᠠ ᠶᠢᠨ | ᠬᠤᠭᠤᠴᠠᠭᠠᠨ ᠤ ᠪᠥᠬᠦ ᠠᠶᠠᠨᠴᠢᠳ ᠤᠨ ᠲᠤᠭ᠎ᠠ ᠶᠢᠨ 46.7% ᠶᠢ ᠡᠵᠡᠯᠡᠵᠦ ᠪᠠᠶᠢᠨ᠎ᠠ᠃ |