ᠲᠠᠯ᠎ᠠ ᠨᠤᠲᠤᠭ ᠤᠨ ᠲᠡᠮᠦᠷ ᠵᠠᠮ ᠠᠶᠠᠨᠴᠢᠳ ᠢ 42.8 ᠲᠦᠮᠡᠨ ᠬᠥᠮᠥᠨ ᠤᠳᠠᠭ᠎ᠠ ᠬᠦᠷᠭᠡᠪᠡ
ᠨᠡᠶᠢᠲᠡᠯᠡᠭᠰᠡᠨ ᠴᠠᠭ᠄
2024/4/8
      ︵ᠰᠤᠷᠪᠤᠯᠵᠢᠯᠠᠭᠴᠢ ᠶᠦᠨ ᠶᠠᠨ ᠹᠠᠩ︶ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠬᠠᠩᠰᠢ ᠶᠢᠨ ᠠᠮᠠᠷᠠᠯᠲᠠ ︵4 ᠳ᠋ᠤᠭᠠᠷ ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ︶ ᠳᠤ᠂ ᠲᠤᠰ ᠲᠣᠪᠴᠢᠶ᠎ᠠ ᠠᠶᠠᠨᠴᠢᠳ ᠢ ᠨᠡᠶᠢᠳᠡ 42.8 ᠲᠦᠮᠡᠨ ᠬᠥᠮᠥᠨ ᠤᠳᠠᠭ᠎ᠠ ᠬᠦᠷᠭᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 97.2% ᠢᠶᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 14.1% ᠢᠶᠠᠷ ᠨᠡᠮᠡᠭᠳᠡᠵᠡᠢ᠃ ᠡᠭᠦᠨ ᠳᠤ ᠰᠢᠭᠤᠳ ᠬᠦᠷᠬᠦ ᠠᠶᠠᠨᠴᠢᠳ ᠤᠨ ᠲᠤᠭ᠎ᠠ 11.3 ᠲᠦᠮᠡᠨ ᠬᠥᠮᠥᠨ ᠤᠳᠠᠭ᠎ᠠ ᠬᠦᠷᠴᠦ᠂ ᠬᠠᠮᠢᠶᠠᠷᠤᠯᠲᠠ ᠣᠷᠣᠨ ᠤ ᠳᠣᠲᠣᠷ᠎ᠠ ᠬᠦᠷᠭᠡᠭᠰᠡᠨ ᠠᠶᠠᠨᠴᠢᠳ ᠤᠨ ᠲᠤᠭ᠎ᠠ 31.5 ᠲᠦᠮᠡᠨ ᠬᠥᠮᠥᠨ ᠤᠳᠠᠭ᠎ᠠ ᠬᠦᠷᠴᠡᠢ᠃      ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ᠂ ᠠᠶᠠᠨᠴᠢᠳ ᠤᠨ ᠠᠶᠠᠯᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠪᠤᠭᠤᠲᠤ ᠪᠣᠯᠣᠨ ᠱᠧᠨᠵᠧᠨ ᠤ ᠵᠡᠭᠦᠨ ᠥᠷᠲᠡᠭᠡᠨ ᠤ ᠬᠤᠭᠤᠷᠣᠨᠳᠤ᠂ ᠪᠤᠭᠤᠲᠤ ᠪᠣᠯᠣᠨ ᠬᠠᠩᠵᠧᠦ ᠶᠢᠨ ᠬᠤᠭᠤᠷᠣᠨᠳᠤ᠂ ᠬᠥᠬᠡᠬᠤᠲᠠ ᠪᠣᠯᠣᠨ ᠭᠤᠸᠠᠩᠵᠧᠦ ᠶᠢᠨ ᠬᠤᠭᠤᠷᠣᠨᠳᠤ᠂ ᠬᠥᠬᠡᠬᠤᠲᠠ ᠪᠣᠯᠣᠨ ᠢᠷᠭᠠᠢ ᠶᠢᠨ ᠬᠤᠭᠤᠷᠣᠨᠳᠤ᠂ ᠪᠤᠭᠤᠲᠤ ᠪᠣᠯᠣᠨ ᠳ᠋ᠠᠲ᠋ᠦ᠋ᠩ ᠤᠨ ᠬᠤᠭᠤᠷᠣᠨᠳᠣᠬᠢ ᠣᠷᠣᠨ ᠪᠦᠰᠡ ᠠᠯᠤᠰᠯᠠᠭᠰᠠᠨ ᠳᠤᠮᠳᠠ ᠬᠤᠯᠠ ᠵᠠᠮ ᠤᠨ ᠠᠶᠠᠨᠴᠢᠳ ᠤᠨ ᠴᠤᠪᠤᠭ᠎ᠠ ᠲᠡᠷᠭᠡ 6 ᠬᠤᠣᠰ ᠨᠡᠮᠡᠪᠡ︔ ᠬᠥᠬᠡᠬᠤᠲᠠ᠂ ᠪᠤᠭᠤᠲᠤ ᠬᠢᠭᠡᠳ ᠪᠡᠭᠡᠵᠢᠩ ᠤᠨ ᠬᠤᠭᠤᠷᠣᠨᠳᠣᠬᠢ ᠲᠦᠷᠭᠡᠨ ᠤ ᠭᠠᠯᠲᠤ ᠲᠡᠷᠭᠡ ᠪᠠ ᠬᠤᠷᠳᠤᠨ ᠤ ᠭᠠᠯᠲᠤ ᠲᠡᠷᠭᠡ ᠶᠢᠨ ᠨᠢᠭᠲᠠᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ ᠬᠠᠮᠤᠭ ᠤᠨ ᠠᠷᠪᠢᠨ ᠳᠠᠭᠠᠨ ᠡᠳᠦᠷ ᠪᠦᠷᠢ 43 ᠬᠤᠣᠰ ᠬᠦᠷᠭᠡᠬᠦ ᠶᠢᠨ ᠬᠠᠮᠲᠤ ᠲᠡᠭᠦᠨ ᠤ ᠳᠣᠲᠣᠷᠠᠬᠢ ᠣᠷᠭᠢᠯ ᠦᠶ᠎ᠡ ᠶᠢᠨ 12 ᠬᠤᠣᠰ ᠲᠡᠷᠭᠡ ᠶᠢ ᠣᠷᠴᠢᠯᠳᠤᠭᠤᠯᠤᠨ ᠠᠶᠠᠯᠠᠭᠤᠯᠪᠠ︔ ᠠᠶᠠᠨᠴᠢᠳ ᠤᠨ ᠣᠶᠢᠷ᠎ᠠ ᠵᠠᠮ ᠤᠨ ᠠᠶᠠᠨ ᠳᠤ ᠲᠥᠬᠦᠮ ᠦᠵᠡᠭᠦᠯᠬᠦ ᠶᠢᠨ ᠲᠥᠯᠥᠭᠡ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠪᠠᠰᠠ ᠬᠥᠬᠡᠬᠤᠲᠠ᠂ ᠪᠤᠭᠤᠲᠤ᠂ ᠣᠷᠳᠣᠰ ᠪᠣᠯᠣᠨ ᠪᠠᠶᠠᠨᠨᠠᠭᠤᠷ ᠤᠨ ᠬᠤᠭᠤᠷᠣᠨᠳᠣᠬᠢ ᠬᠤᠷᠳᠤᠨ ᠤ ᠭᠠᠯᠲᠤ ᠲᠡᠷᠭᠡ᠂ ᠬᠤᠲᠠ ᠶᠢᠨ ᠬᠤᠭᠤᠷᠣᠨᠳᠣᠬᠢ ᠭᠠᠯᠲᠤ ᠲᠡᠷᠭᠡ ᠪᠣᠯᠣᠨ ᠡᠩ ᠤᠨ ᠭᠠᠯᠲᠤ ᠲᠡᠷᠭᠡ ᠶᠢ 9 ᠬᠤᠣᠰ ᠨᠡᠮᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠬᠢᠨ ᠲᠡᠭᠡᠭᠡᠪᠦᠷᠢ ᠶᠢᠨ ᠴᠢᠳᠠᠪᠤᠷᠢ ᠪᠠᠴᠢᠮ ᠪᠠᠶᠢᠭ᠎ᠠ ᠨᠢᠭᠡ ᠪᠦᠯᠦᠭ ᠲᠡᠷᠭᠡ ᠶᠢ ᠥᠷᠭᠡᠳᠬᠡᠨ ᠨᠡᠮᠡᠵᠦ᠂ ᠨᠢᠭᠡ ᠡᠳᠦᠷ ᠲᠤ ᠲᠡᠭᠡᠭᠡᠪᠦᠷᠢ ᠶᠢᠨ ᠴᠢᠳᠠᠪᠤᠷᠢ ᠶᠢ 2000 ᠭᠠᠷᠤᠢ ᠰᠠᠭᠤᠳᠠᠯ ᠨᠡᠮᠡᠵᠦ᠂ ᠲᠡᠭᠡᠭᠡᠪᠦᠷᠢ ᠶᠢᠨ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ