ᠮᠠᠨ ᠤ ᠣᠷᠣᠨ ᠪᠡᠯᠡ ᠤᠷᠤᠭᠤᠯᠤᠯᠳᠠ ᠪᠠᠨ ᠨᠡᠮᠡᠭᠳᠡᠭᠦᠯᠵᠦ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠴᠢᠩᠭᠠᠳᠬᠠᠯ᠎ᠠ
ᠨᠡᠶᠢᠲᠡᠯᠡᠭᠰᠡᠨ ᠴᠠᠭ᠄
2024/4/8
      ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠮᠠᠨ ᠤ ᠣᠷᠣᠨ ᠡᠯ᠎ᠡ ᠲᠠᠯ᠎ᠠ ᠶᠢᠨ ᠪᠡᠯᠡ ᠮᠥᠩᠭᠦ ᠶᠢ ᠢᠳᠡᠪᠬᠢᠲᠡᠢ ᠡᠷᠡᠮᠡᠯᠵᠡᠯᠡᠨ ᠣᠯᠵᠤ᠂ ᠪᠦᠭᠦ ᠣᠷᠣᠨ ᠤ ᠭᠤᠣᠯᠳᠠᠯᠭ᠎ᠠ ᠲᠠᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ ᠵᠠᠰᠠᠨ ᠰᠡᠷᠭᠦᠭᠡᠵᠦ ᠪᠤᠢ᠃      ᠮᠠᠨ ᠤ ᠣᠷᠣᠨ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠢ ᠪᠡᠯᠡ ᠮᠥᠩᠭᠦ ᠶᠢ 4000 ᠭᠠᠷᠤᠢ ᠲᠦᠮᠡᠨ ᠲᠥᠭᠦᠷᠢᠭ ᠡᠷᠡᠮᠡᠯᠵᠡᠯᠡᠨ ᠣᠯᠵᠤ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠤᠨ ᠬᠤᠪᠢᠰᠬᠠᠯ ᠤᠨ ᠪᠠᠭᠤᠷᠢ᠂ ᠬᠢᠩᠭᠠᠨ ᠠᠶᠢᠮᠠᠭ  ᠤᠨ ︽ᠨᠢᠭᠡ ᠣᠷᠳᠣᠨ ᠭᠤᠷᠪᠠᠨ ᠪᠠᠭᠤᠷᠢ︾᠂ ᠲᠠᠢ ᠠᠨ ᠠᠶᠠᠨᠴᠢᠳ ᠤᠨ ᠪᠠᠭᠤᠳᠠᠯ ᠤᠨ ᠬᠠᠭᠤᠴᠢᠨ ᠪᠠᠭᠤᠷᠢ ︵ᠸᠠᠩ ᠷᠥᠸᠧ ᠹᠧᠢ ᠶᠢᠨ ᠳᠤᠷᠠᠰᠬᠠᠯ ᠤᠨ ᠣᠷᠳᠣᠨ︶ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠰᠡᠯᠪᠢᠨ ᠵᠠᠰᠠᠵᠤ᠂ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ᠂ ᠶᠠᠨ ᠠᠨ ᠤ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠪᠣᠷᠤᠪᠠᠯᠭᠠᠰᠤ  ᠳᠠᠬᠢ ᠳᠤᠷᠠᠰᠬᠠᠯ ᠤᠨ ᠣᠷᠳᠣᠨ ᠳᠤ ᠬᠠᠳᠠᠭᠠᠯᠠᠵᠤ ᠪᠦᠬᠦᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ᠂ ᠲᠣᠭᠠᠴᠢᠯᠠᠨ ᠬᠠᠮᠠᠭᠠᠯᠠᠪᠠ᠃ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠨᠥᠬᠦᠪᠦᠷᠢ ᠶᠢᠨ ᠪᠡᠯᠡ ᠮᠥᠩᠭᠦ ᠶᠢ 6650 ᠲᠦᠮᠡᠨ ᠲᠥᠭᠦᠷᠢᠭ ᠡᠷᠡᠮᠡᠯᠵᠡᠯᠡᠨ ᠣᠯᠵᠤ᠂ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ᠂ ᠶᠠᠨ ᠠᠨ ᠤ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠪᠣᠷᠤᠪᠠᠯᠭᠠᠰᠤ ᠳᠠᠬᠢ ᠳᠤᠷᠠᠰᠬᠠᠯ ᠤᠨ ᠣᠷᠳᠣᠨ᠂ ᠸᠠᠩ ᠷᠥᠸᠧ ᠹᠧᠢ ᠶᠢᠨ ᠳᠤᠷᠠᠰᠬᠠᠯ ᠤᠨ ᠣᠷᠳᠣᠨ᠂ ᠳ᠋ᠥᠸᠧ ᠰᠥᠩ ᠨᠢᠶᠠᠨ ᠤ ᠳᠤᠷᠠᠰᠬᠠᠯ ᠤᠨ ᠣᠷᠳᠣᠨ ᠵᠡᠷᠭᠡ ᠮᠦᠽᠧᠢ ᠳᠤᠷᠠᠰᠬᠠᠯ ᠤᠨ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠭᠤᠣᠯᠳᠠᠯᠭ᠎ᠠ ᠲᠠᠢ ᠳᠡᠮᠵᠢᠵᠡᠢ᠃      ᠪᠦᠭᠦ ᠣᠷᠣᠨ ᠤ ᠡᠯ᠎ᠡ ᠭᠠᠵᠠᠷ ᠤᠨ ᠴᠦ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠵᠦ ᠢᠳᠡᠪᠬᠢᠲᠡᠢ ᠬᠠᠮᠠᠭᠠᠯᠠᠯᠲᠠ ᠬᠢᠭᠰᠡᠨ ᠪᠠᠶᠢᠨ᠎ᠠ᠃ ᠪᠤᠭᠤᠲᠤ ᠬᠤᠳᠠ 100 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠣᠷᠣᠭᠤᠯᠵᠤ ᠸᠠᠩ ᠷᠥᠸᠧ ᠹᠧᠢ  ᠶᠢᠨ ᠳᠤᠷᠠᠰᠬᠠᠯ ᠤᠨ ᠣᠷᠳᠣᠨ ᠤ ᠳᠡᠯᠭᠡᠨ ᠦᠵᠡᠭᠦᠯᠭᠡ ᠶᠢ ᠳᠡᠰ ᠳᠡᠪᠰᠢᠭᠦᠯᠦᠨ᠂ ᠵᠢᠯ ᠪᠦᠷᠢ 30 ᠲᠦᠮᠡᠨ ᠲᠥᠭᠦᠷᠢᠭ ᠤᠨ ᠪᠡᠯᠡ ᠣᠷᠣᠭᠤᠯᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯ ᠤᠨ ᠬᠤᠷᠢᠶ᠎ᠠ ᠶᠢᠨ ᠬᠠᠭᠤᠴᠢᠨ ᠪᠠᠭᠤᠷᠢ ᠪᠣᠯᠣᠨ ᠪᠤᠭᠤᠲᠤ ᠰᠦᠮ᠎ᠡ ᠶᠢᠨ ᠬᠤᠪᠢᠰᠬᠠᠯ ᠤᠨ ᠳᠤᠷᠠᠰᠬᠠᠯ ᠤᠨ ᠣᠷᠳᠣᠨ ᠤ ᠬᠡᠪ ᠤᠨ ᠠᠵᠢᠯᠯᠠᠭ᠎ᠠ ᠶᠢ ᠪᠠᠲᠤᠯᠠᠵᠤ ᠪᠤᠢ᠃ ᠬᠥᠯᠥᠨ ᠪᠤᠶᠢᠷ ᠬᠤᠳᠠ 1500 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ ᠵᠡᠭᠦᠨ ᠬᠤᠶᠢᠲᠤ ᠶᠢᠨ ᠶᠠᠫᠤᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢ ᠪᠠᠶᠢᠭᠤᠯᠵᠤ᠂ ᠠᠷᠤᠨ ᠬᠤᠰᠢᠭᠤ 320 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ ᠵᠡᠭᠦᠨ ᠬᠤᠶᠢᠲᠤ ᠶᠢᠨ ᠶᠠᠫᠤᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠳᠤᠷᠠᠰᠬᠠᠯ ᠤᠨ ᠣᠷᠳᠣᠨ ᠤ ᠦᠨᠳᠦᠰᠦᠨ ᠳᠡᠯᠭᠡᠨ ᠦᠵᠡᠭᠦᠯᠭᠡ ᠶᠢ ᠥᠭᠡᠷᠡᠴᠢᠯᠡᠨ ᠰᠠᠶᠢᠵᠢᠷᠠᠭᠤᠯᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ