ᠮᠠᠷᠲᠠᠵᠤ ᠪᠣᠯᠣᠰᠢ ᠦᠭᠡᠢ ᠲᠡᠦᠬᠡ᠂ ᠬᠤᠪᠢᠰᠬᠠᠯᠴᠢᠳ ᠤᠨ ᠴᠠᠳᠢᠭ — ᠳ᠋ᠤᠸᠠᠨ ᠳ᠋ᠧ ᡁᠢ
ᠨᠡᠶᠢᠲᠡᠯᠡᠭᠰᠡᠨ ᠴᠠᠭ᠄
2024/4/8
      ᠳ᠋ᠤᠸᠠᠨ ᠳ᠋ᠧ ᡁᠢ ︵1915.5 ︱ 1948.4︶᠂ ᠡᠷᠭᠦᠭᠰᠡᠨ ᠨᠡᠷ᠎ᠡ ᠷᠦᠨ ᠰᠢᠩ᠂ ᠴᠣᠯᠠ ᠴᠠᠩ ᠮᠢᠩ᠂ ᠡᠷᠡᠭᠲᠡᠢ᠂ ᠬᠢᠲᠠᠳ ᠦᠨᠳᠦᠰᠦᠲᠡᠨ᠂ ᠥᠪᠥᠷ ᠮᠣᠩᠭᠤᠯ ᠤᠨ ᠬᠥᠬᠡᠬᠤᠲᠠ ᠶᠢᠨ ᠵᠡᠭᠦᠨ ᠲᠡᠭᠦᠷᠭᠡ ᠶᠢᠨ ᠲᠣᠪᠴᠢ ᠲᠣᠰᠬᠤᠨ ᠤ ᠬᠥᠮᠥᠨ᠃       ᠳ᠋ᠤᠸᠠᠨ ᠳ᠋ᠧ ᡁᠢ 1931 ᠣᠨ ᠳᠤ ᠰᠦᠢᠶᠤᠸᠠᠨ ᠤ ᠮᠤᠵᠢ ᠠᠴᠠ ᠪᠠᠶᠢᠭᠤᠯᠤᠭᠰᠠᠨ ᠭᠤᠷᠪᠠᠳᠤᠭᠠᠷ ᠪᠠᠭ᠎ᠠ ᠰᠤᠷᠭᠠᠭᠤᠯᠢ ᠳᠤ ᠣᠷᠣᠵᠤ ᠰᠤᠷᠤᠯᠴᠠᠪᠠ᠃ ᠡᠨᠡ ᠬᠤᠭᠤᠴᠠᠭᠠᠨ ᠳᠤ ᠭᠤᠮᠢᠨᠳᠠᠩ ᠤᠨ ᠲᠡᠷᠰᠯᠡᠭᠦᠴᠦᠳ ᠢ ᠡᠰᠡᠷᠭᠦᠴᠡᠬᠦ ᠳᠠᠪᠰᠢᠩᠭᠤᠢ ᠠᠵᠢᠯᠯᠠᠭ᠎ᠠ ᠳᠤ ᠣᠷᠣᠯᠴᠠᠵᠠᠢ᠃       1939 ᠣᠨ ᠤ ᠬᠠᠪᠤᠷ᠂ ᠳ᠋ᠤᠸᠠᠨ ᠳ᠋ᠧ ᡁᠢ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠲᠠᠶᠢᠨ ᠤ ᠺᠠᠳ᠋ᠷ ᠤᠨ ᠪᠣᠯᠪᠠᠰᠤᠷᠠᠯ ᠤᠨ ᠠᠩᠭᠢ ᠳᠤ ᠣᠷᠣᠵᠤ ᠰᠤᠷᠤᠯᠴᠠᠪᠠ᠃ 5 ᠰᠠᠷ᠎ᠠ ᠳᠤ᠂ ᠬᠥᠳᠡᠯᠭᠡᠭᠡᠨ ᠤ ᠵᠥᠪᠯᠡᠯ ᠤᠨ ᠬᠦᠢᠰᠦ᠋ᠢ ᠬᠤᠶᠠᠳᠤᠭᠠᠷ ᠲᠣᠭᠤᠷᠢᠭ ᠤᠨ ᠣᠨᠴᠠ ᠲᠣᠮᠢᠯᠠᠭᠳᠠᠭᠰᠠᠳ ᠤᠨ ᠡᠭᠦᠷᠭᠡ ᠶᠢ ᠬᠦ᠋ᠯᠢᠶᠡᠨ ᠠᠪᠴᠤ᠂ ᠲᠦ᠋ᠷᠦᠭᠰᠡᠨ ᠨᠤᠲᠤᠭ ᠲᠣᠪᠴᠢ ᠲᠣᠰᠬᠤᠨ ᠳᠠᠭᠠᠨ ᠪᠤᠴᠠᠵᠤ᠂ ︽ᠽᠢ ᠱᠧᠩ ᠨᠡᠷᠡᠮᠵᠢᠲᠦ︾ ᠡᠯᠳᠡᠪ ᠪᠠᠷᠠᠭᠠᠨ ᠤ ᠳᠡᠯᠭᠡᠭᠦᠷ ᠢᠶᠠᠷ ᠬᠠᠯᠬᠠᠪᠴᠢ ᠪᠣᠯᠭᠠᠨ᠂ ᠶᠠᠫᠤᠨ ᠢ ᠡᠰᠡᠷᠭᠦᠴᠡᠵᠦ ᠮᠥᠬᠦᠯ ᠠᠴᠠ ᠠᠪᠤᠷᠠᠬᠤ ᠠᠵᠢᠯᠯᠠᠭ᠎ᠠ ᠥᠷᠨᠢᠭᠦᠯᠪᠡ᠃ ᠤᠳᠠᠯ ᠦᠭᠡᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃       ᠳ᠋ᠤᠸᠠᠨ ᠳ᠋ᠧ ᡁᠢ ᠲᠣᠪᠴᠢ ᠳᠤ ᠬᠠᠭᠤᠷᠮᠠᠭ ᠲᠣᠰᠬᠤᠨ ᠤ ᠠᠯᠪᠠᠨ ᠭᠠᠵᠠᠷ ᠲᠤ ᠤᠷᠠᠨ ᠢᠶᠠᠷ ᠰᠢᠷᠭᠤᠨ ᠣᠷᠣᠵᠤ ᠪᠢᠴᠢᠭᠡᠴᠢ ᠪᠣᠯᠵᠤ᠂ ᠡᠯ᠎ᠡ ᠡᠲᠡᠭᠡᠳ ᠤᠨ ᠬᠥᠮᠥᠰ ᠲᠠᠢ ᠢᠳᠡᠪᠬᠢᠲᠡᠢ ᠪᠠᠷ ᠬᠤᠯᠪᠣᠭ᠎ᠠ ᠠᠪᠴᠤ ᠲᠡᠷᠰᠯᠡᠭᠦᠦ ᠰᠢᠶᠠᠩ ᠤᠨ ᠳᠠᠷᠤᠭ᠎ᠠ ᠶᠢ ᠦᠯᠳᠡᠨ ᠬᠥᠭᠡᠭᠡᠵᠦ᠂ ᠤᠯᠤᠰ ᠢᠶᠠᠨ ᠬᠠᠶᠢᠷᠠᠯᠠᠭᠴᠢ ᠳᠠᠪᠰᠢᠩᠭᠤᠢ ᠬᠥᠮᠥᠨ ᠯᠢᠦ ᠫᠧᠢ ᠶᠧ ᠶᠢ ᠰᠢᠶᠠᠩ ᠤᠨ ᠳᠠᠷᠤᠭ᠎ᠠ ᠶᠢᠨ ᠲᠤᠰᠢᠶᠠᠯ ᠳᠤ ᠡᠷᠭᠦᠨ ᠲᠠᠨᠢᠯᠴᠠᠭᠤᠯᠪᠠ᠃ ᠤᠯᠠᠨ ᠲᠦᠮᠡᠨ ᠢ ᠲᠠᠶᠢᠴᠢᠯᠠᠨ ᠠᠮᠤ ᠪᠤᠳᠠᠭ᠎ᠠ ᠲᠠᠲᠠᠪᠤᠷᠢᠯᠠᠬᠤ ᠶᠢ ᠡᠰᠡᠷᠭᠦᠴᠡᠬᠦ ᠲᠡᠮᠡᠴᠡᠯ ᠢ ᠥᠷᠨᠢᠭᠦᠯᠵᠦ᠂ ᠤᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠪᠡ᠃ ︽ᠬᠥᠳᠡᠯᠮᠦᠷᠢ ᠶᠢᠨ ᠠᠯᠪᠠ ᠬᠠᠭᠠᠬᠤ ᠬᠤᠭᠤᠴᠠᠭ᠎ᠠ ᠳᠦᠭᠦᠷᠦᠭᠰᠡᠨ ᠦᠨᠡᠮᠯᠡᠯ︾ ᠢ ᠲᠠᠷᠬᠠᠭᠠᠭᠰᠠᠨ ᠨᠣᠶᠠᠳ ᠲᠦᠰᠢᠮᠡᠳ ᠢ ᠲᠠᠲᠠᠨ ᠠᠪᠴᠤ᠂ ᠬᠤᠭᠤᠰᠤᠨ ᠭᠡᠷᠡᠴᠢ ᠣᠯᠵᠤ ᠠᠪᠤᠭᠠᠳ ᠭᠠᠴᠠᠭ᠎ᠠ ᠪᠠᠷ ᠨᠢ ᠲᠠᠭᠯᠠᠨ ᠥᠭᠴᠦ᠂ ᠤᠯᠠᠨ ᠲᠦᠮᠡᠨ ᠢ ᠬᠥᠳᠡᠯᠮᠦᠷᠢ ᠶᠢᠨ ᠠᠯᠪᠠ ᠠᠴᠠ ᠬᠡᠯᠲᠦᠷᠢᠭᠦᠯᠪᠡ᠃ ᠶᠠᠫᠤᠨ ᠳᠡᠭᠡᠷᠡᠮᠴᠢᠳ ᠤᠨ ᠲᠣᠪᠴᠢ ᠳᠤ ᠬᠠᠷ᠎ᠠ ᠲᠤᠭᠤᠯᠭ᠎ᠠ ᠶᠢᠨ ᠦᠢᠯᠡᠳᠪᠦᠷᠢ ᠪᠠᠶᠢᠭᠤᠯᠬᠤ ᠶᠢ ᠬᠤᠷᠢᠭᠯᠠᠪᠠ᠃ ᠶᠠᠫᠤᠨ ᠳᠡᠭᠡᠷᠡᠮᠴᠢᠳ ᠲᠤ ᠤᠷᠪᠠᠭᠴᠢ ᠵᠤᠤ ᠬᠤᠩ ᠢ ︽ᠡᠪ ᠬᠠᠮᠲᠤ ᠨᠠᠮ ᠲᠠᠢ ᠰᠥᠯᠪᠡᠭᠡᠯᠳᠦᠭᠰᠡᠨ︾ ᠭᠡᠵᠦ ᠵᠠᠭᠠᠯᠳᠤᠵᠤ᠂ ᠡᠭᠦᠨ ᠢᠶᠠᠷ ᠤᠷᠪᠠᠭᠴᠢ ᠶᠢ ᠠᠯᠠᠪᠠ᠃ ᠲᠡᠷᠡ ᠤᠯᠠᠨ ᠲᠦᠮᠡᠨᠴᠢ ᠴᠢᠨᠠᠷᠲᠠᠢ ᠶᠠᠫᠤᠨ ᠢ ᠡᠰᠡᠷᠭᠦᠴᠡᠬᠦ ᠠᠵᠢᠯᠯᠠᠭ᠎ᠠ ᠶᠢ ᠠᠮᠵᠢᠯᠲᠠ ᠲᠠᠢ ᠥᠷᠨᠢᠭᠦᠯᠪᠡ᠃       ᠶᠠᠫᠤᠨ ᠢ ᠡᠰᠡᠷᠭᠦᠴᠡᠬᠦ ᠲᠠᠶᠢᠨ ᠢᠯᠠᠯᠲᠠ ᠣᠯᠬᠤ ᠠᠴᠠ ᠡᠮᠦᠨᠡᠬᠡᠨ᠂ ᠳ᠋ᠤᠸᠠᠨ ᠳ᠋ᠧ ᡁᠢ ᠬᠥᠬᠡᠬᠤᠲᠠ ᠳᠤ ᠣᠷᠣᠵᠤ ᠬᠤᠳᠠ ᠶᠢᠨ ᠨᠢᠭᠤᠴᠠ ᠠᠵᠢᠯ ᠢ ᠥᠷᠨᠢᠭᠦᠯᠵᠡᠢ᠃ ᠲᠡᠷᠡ ᠰᠦᠢᠶᠤᠸᠠᠨ ᠤ ᠵᠧᠩ ᠹᠧᠩ ᠳᠤᠮᠳᠠᠳᠤ ᠰᠤᠷᠭᠠᠭᠤᠯᠢ ᠶᠢᠨ ᠪᠠᠭᠰᠢ ᠶᠢᠨ ᠪᠡᠶ᠎ᠡ ᠶᠢᠨ ᠭᠠᠷᠤᠯ ᠢᠶᠠᠷ ᠬᠠᠯᠬᠠᠪᠴᠢ ᠪᠣᠯᠭᠠᠵᠤ᠂ ᠶᠠᠫᠤᠨ ᠬᠠᠭᠤᠷᠮᠠᠭ ᠴᠡᠷᠢᠭ ᠤᠨ ᠨᠢᠭᠤᠴᠠ ᠮᠡᠳᠡᠭᠡ ᠶᠢ ᠴᠤᠭᠯᠠᠭᠤᠯᠪᠠ᠃ ᠶᠠᠫᠤᠨ ᠪᠠᠭᠤᠵᠤ ᠥᠭᠭᠦᠭᠰᠡᠨ ᠤ ᠲᠠᠷᠠᠭ᠎ᠠ᠂ ᠲᠡᠷᠡ ᠪᠠᠰᠠ ᠭᠤᠮᠢᠨᠳᠠᠩ ᠤᠨ ᠬᠦᠢᠰᠦ᠋ᠢ ᠬᠤᠳᠠ ᠶᠢᠨ ᠨᠠᠮ ᠤᠨ ᠵᠠᠬᠢᠷᠭ᠎ᠠ ᠳᠤ ᠠᠵᠢᠯᠯᠠᠭᠴᠢ ᠶᠢᠨ ᠲᠤᠰᠢᠶᠠᠯ ᠢ ᠣᠯᠣᠭᠰᠠᠨ ᠪᠠᠶᠢᠨ᠎ᠠ᠃ 1945 ᠣᠨ ᠤ 10 ᠰᠠᠷ᠎ᠠ ᠶᠢᠨ ᠠᠩᠬᠠᠳᠤᠭᠠᠷ ᠤᠳᠠᠭᠠᠨ ᠤ ᠰᠦᠢᠶᠤᠸᠠᠨ ᠤ ᠳᠠᠶᠢᠯᠠᠯᠳᠤᠭᠠᠨ ᠤ ᠦᠶ᠎ᠡ ᠳᠤ᠂ ᠲᠡᠷᠡ ᠬᠠᠷᠢᠴᠠᠭ᠎ᠠ ᠬᠤᠯᠪᠣᠭ᠎ᠠ ᠪᠠᠷ ᠳᠠᠮᠵᠢᠭᠤᠯᠤᠨ ᠮᠤᠵᠢ ᠶᠢᠨ ᠵᠠᠰᠠᠭ ᠤᠨ ᠣᠷᠳᠣᠨ ᠤ ᠨᠢᠭᠤᠴᠠ ᠴᠢᠬᠤᠯᠠ ᠬᠥᠮᠥᠰ ᠤᠨ ᠭᠠᠷ ᠠᠴᠠ ᠬᠦᠢᠰᠦ᠋ᠢ ᠬᠤᠳᠠ ᠶᠢᠨ ᠬᠠᠮᠠᠭᠠᠯᠠᠯᠲᠠ ᠶᠢᠨ ᠪᠠᠬᠢᠯᠡᠯᠲᠡ ᠶᠢᠨ ᠵᠢᠷᠤᠭ ᠢ ᠣᠯᠵᠤ᠂ ᠴᠠᠭ ᠲᠤᠬᠠᠢ ᠳᠤᠨᠢ ᠮᠠᠨ ᠤ ᠬᠤᠳᠠ ᠶᠢ ᠲᠠᠭᠠᠷᠢᠬᠤ ᠴᠡᠷᠢᠭ ᠠᠩᠭᠢ ᠳᠤ ᠬᠠᠩᠭᠠᠭᠰᠠᠨ ᠪᠠᠶᠢᠨ᠎ᠠ᠃       1946 ᠣᠨ ᠤ 8 ᠰᠠᠷ᠎ᠠ ᠶᠢᠨ 14 ᠤ ᠡᠳᠦᠷ ᠵᠣᠯ ᠪᠤᠰᠤ ᠪᠠᠷ ᠪᠠᠷᠢᠪᠴᠢᠯᠠᠭᠳᠠᠪᠠ᠃ ᠲᠡᠷᠡ ᠭᠢᠨᠳᠠᠨ ᠳᠠᠬᠢ ᠲᠡᠮᠡᠴᠡᠯ ᠢ ᠵᠣᠬᠢᠶᠠᠨ ᠪᠠᠶᠢᠭᠤᠯᠬᠤ ᠳᠤ ᠣᠷᠣᠯᠴᠠᠵᠤ᠂ ᠰᠠᠯᠬᠢ ᠨᠡᠪᠲᠡᠷᠡᠭᠦᠯᠬᠦ ᠴᠠᠭ ᠢ ᠤᠷᠲᠤᠳᠬᠠᠵᠤ᠂ ᠬᠤᠭᠤᠯᠠ ᠴᠠᠳᠲᠠᠯ᠎ᠠ ᠢᠳᠡᠬᠦ ᠪᠠᠷ ᠲᠡᠮᠡᠴᠡᠭᠡᠳ ᠪᠦᠷ ᠠᠮᠵᠢᠯᠲᠠ ᠣᠯᠣᠭᠰᠠᠨ ᠪᠠᠶᠢᠨ᠎ᠠ᠃ ᠬᠠᠷᠠᠭᠤᠯ ᠤᠨ ᠬᠥᠮᠥᠰ ᠤᠨ ᠰᠠᠶᠢᠰᠢᠶᠠᠨ ᠳᠡᠮᠵᠢᠯᠭᠡ ᠶᠢ ᠣᠯᠣᠭᠰᠠᠨ ᠠᠴᠠ 12 ᠰᠠᠷ᠎ᠠ ᠶᠢᠨ 30 ᠤ ᠡᠳᠦᠷ ᠬᠠᠷᠠᠭᠤᠯ ᠶᠠᠨ ᠬᠠᠢ ᠱᠠᠨ ᠲᠠᠢ ᠬᠠᠮᠲᠤ ᠭᠢᠨᠳᠠᠨ ᠠᠴᠠ ᠣᠷᠭᠤᠵᠦ ᠱᠠᠨ ᠰᠢ ᠶᠢᠨ ᠪᠠᠷᠠᠭᠤᠨ ᠬᠤᠶᠢᠲᠤ ᠬᠡᠰᠡᠭ ᠤᠨ ᠴᠢᠯᠦᠭᠡᠯᠡᠭᠳᠡᠭᠰᠡᠨ ᠣᠷᠣᠨ ᠳᠤ ᠬᠦᠷᠴᠡᠢ᠃       1948 ᠣᠨ ᠤ ᠡᠬᠢ ᠪᠠᠷ᠂ ᠳ᠋ᠤᠸᠠᠨ ᠳ᠋ᠧ ᡁᠢ ᠪᠣᠯᠣᠨ ᠶᠠᠨ ᠬᠠᠢ ᠱᠠᠨ ᠲᠣᠮᠢᠯᠠᠯᠲᠠ ᠪᠠᠷ ᠬᠥᠬᠡᠬᠤᠲᠠ ᠳᠤ ᠪᠤᠴᠠᠵᠤ ᠨᠢᠭᠤᠴᠠ ᠠᠵᠢᠯ ᠬᠢᠪᠡ᠃ ᠰᠦᠢᠶᠤᠸᠠᠨ ᠳᠤ ᠪᠤᠴᠠᠬᠤ ᠵᠠᠮ ᠳᠠᠭᠠᠨ ᠵᠣᠯ ᠪᠤᠰᠤ ᠪᠠᠷ ᠬᠤᠸᠠᠬᠤᠰᠢᠭᠤ ᠲᠣᠰᠬᠤᠨ ᠳᠤ ᠪᠠᠷᠢᠪᠴᠢᠯᠠᠭᠳᠠᠪᠠ᠃ ᠭᠤᠮᠢᠨᠳᠠᠩ ᠤᠨ ᠬᠦᠢᠰᠦ᠋ᠢ ᠶᠢᠨ ᠰᠡᠷᠭᠡᠶᠢᠯᠡᠯᠲᠡ ᠶᠢᠨ ᠵᠠᠬᠢᠷᠭᠠᠨ ᠤ ᠭᠠᠵᠠᠷ ᠲᠤ ᠬᠦᠨᠳᠦ ᠡᠷᠡᠭᠦᠦ ᠲᠠᠮᠤᠯᠠᠯ ᠢ ᠮᠣᠬᠤᠲᠠᠯ᠎ᠠ ᠠᠮᠰᠠᠵᠠᠢ᠃ 4 ᠰᠠᠷ᠎ᠠ ᠶᠢᠨ ᠦᠶ᠎ᠡ ᠪᠠᠷ᠂ ᠭᠤᠮᠢᠨᠳᠠᠩ ᠤᠨ ᠬᠦᠢᠰᠦ᠋ᠢ  ᠶᠢᠨ ᠲᠡᠷᠰᠯᠡᠭᠦᠦ ᠡᠷᠬᠡ ᠪᠠᠷᠢᠭᠴᠢᠳ ᠲᠡᠳᠡᠨ ᠢ ᠡᠷᠡᠭᠦᠦ ᠶᠢᠨ ᠲᠡᠷᠭᠡᠨ ᠳᠤ ᠲᠡᠭᠡᠭᠡᠵᠦ᠂ ᠰᠠᠨ ᠳ᠋ᠣᠣ ᠴᠢᠶᠣᠤ ᠳᠤ ᠠᠪᠠᠴᠢᠭᠠᠳ ᠫᠤᠤᠳᠠᠨ ᠬᠦᠨᠦᠭᠡᠪᠡ᠃ ᠡᠷᠡᠭᠦᠳᠡᠬᠦ ᠠᠴᠠ ᠡᠮᠦᠨ᠎ᠡ᠂ ᠳ᠋ᠤᠸᠠᠨ ᠳ᠋ᠧ ᡁᠢ᠂ ᠶᠠᠨ ᠬᠠᠢ ᠱᠠᠨ ᠲᠥᠪ ᠶᠣᠰᠣᠨ ᠤ ᠲᠥᠯᠥᠭᠡ ᠲᠡᠷᠢᠭᠦᠨ ᠭᠤᠳᠦ᠋ᠢᠵᠤ᠂ ᠭᠤᠮᠢᠨᠳᠠᠩ ᠤᠨ ᠲᠡᠷᠰᠯᠡᠭᠦᠴᠦᠳ ᠢ ᠦᠬᠦᠲᠡᠯ᠎ᠡ ᠬᠠᠷᠢᠶᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠢ︾ ︽ᠮᠠᠤ ᠲᠡᠷᠢᠭᠦᠯᠡᠭᠴᠢ ᠲᠦᠮᠡᠨ ᠨᠠᠰᠤᠯᠠᠲᠤᠭᠠᠢ︾  ᠭᠡᠵᠦ ᠥᠨᠳᠥᠷ ᠲᠠᠭᠤᠨ ᠢᠶᠠᠷ ᠬᠠᠰᠬᠢᠷᠪᠠ᠃       ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠬᠡ︾ ︵ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 1999 ᠣᠨ ᠤ ᠬᠡᠪᠯᠡᠯ︶ ᠠᠴᠠ ᠣᠷᠴᠢᠭᠤᠯᠪᠠ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ