ᠪᠤᠤ ᠭᠠᠩ ᠮᠠᠨ ᠤ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ  ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ  ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ  ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/4/9
       ︵ᠰᠤᠷᠪᠤᠯᠵᠢᠯᠠᠭᠴᠢ ᠶᠦᠨ ᠵᠢᠩ︶  4 ᠳ᠋ᠦ᠋ᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ  ᠪᠦᠲᠦᠮᠵᠢ ᠢ ᠨᠡᠮᠡᠭᠳᠡᠭᠦᠯᠬᠦ ᠤᠴᠢᠷ ᠢ ᠰᠤᠳᠤᠯᠪᠠ᠃        ᠪᠤᠤ ᠭᠠᠩ ᠤᠷᠢᠳ ᠬᠤᠵᠢᠳ ᠰᠢᠨ᠎ᠡ ᠬᠤᠳᠠ ᠲᠣᠭᠤᠷᠢᠭ ᠤᠨ ᠶᠢᠰᠦᠨ ᠵᠢᠯ ᠤᠨ ᠳᠦᠷᠢᠮᠲᠦ ᠰᠤᠷᠭᠠᠭᠤᠯᠢ᠂ ᠬᠤᠳᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠶᠢᠨ ᠳ᠋ᠢ ᠰᠤᠷᠭᠠᠭᠤᠯᠢ ᠶᠢᠨ ᠲᠣᠭᠤᠷᠢᠭ ᠪᠣᠯᠣᠨ ᠬᠤᠳᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠲᠤ  ᠬᠦᠷᠴᠦ᠂ ᠪᠠᠶᠢᠭᠤᠯᠵᠤ ᠪᠠᠶᠢᠭ᠎ᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠣᠷᠣᠭᠴᠢ ᠡᠯᠰᠡᠬᠦ ᠲᠥᠯᠥᠪᠯᠡᠭᠡ᠂ ᠰᠤᠷᠤᠭᠴᠢ ᠶᠢᠨ ᠤᠷᠤᠨ ᠲᠤᠭᠠᠨ ᠤ ᠬᠠᠩᠭᠠᠯᠭ᠎ᠠ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠠᠮᠤᠷ ᠲᠦᠪᠰᠢᠨ ᠶᠠᠰᠤ ᠴᠢᠨᠠᠷ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠴᠢᠩᠭ᠎ᠠ ᠰᠠᠬᠢᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠰᠣᠳᠣᠨ ᠪᠦᠲᠦᠭᠡᠯ ᠤᠨ ᠤᠬᠠᠮᠰᠠᠷ ᠢᠶᠠᠨ ᠴᠢᠩᠭᠠᠷᠠᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠰᠠᠶᠢᠨ ᠶᠠᠪᠤᠳᠠᠯ ᠢ ᠰᠠᠶᠢᠬᠠᠨ ᠬᠢᠵᠦ᠂ ᠪᠣᠳᠠᠲᠤ ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠬᠤᠳᠠ ᠶᠢᠨ ᠬᠥᠭᠵᠢᠯᠲᠡ ᠪᠣᠯᠣᠨ ᠬᠥᠮᠥᠨ ᠠᠮᠠ ᠶᠢᠨ ᠨᠢᠭᠲᠠᠴᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ ᠵᠣᠬᠢᠰᠲᠠᠢ  ᠪᠠᠶᠢᠷᠢᠰᠢᠭᠤᠯᠤᠨ᠂ ᠤᠯᠠᠨ ᠲᠦᠮᠡᠨ ᠳᠤ ᠨᠡᠩ ᠤᠯᠠᠨ  ᠭᠡᠷ ᠤᠨ ᠬᠠᠵᠠᠭᠤᠳᠠᠬᠢ ᠰᠠᠶᠢᠨ ᠰᠤᠷᠭᠠᠭᠤᠯᠢ ᠶᠢ ᠪᠠᠶᠢᠭᠤᠯᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃       ᠶᠠᠷᠢᠯᠴᠠᠬᠤ ᠬᠤᠷᠠᠯ ᠳᠡᠭᠡᠷ᠎ᠡ᠂ ᠪᠤᠤ ᠭᠠᠩ 30 ᠭᠠᠷᠤᠢ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ ᠳᠠᠷᠤᠭ᠎ᠠ ᠶᠢᠨ ᠲᠥᠯᠥᠭᠡᠯᠡᠭᠴᠢ ᠪᠣᠯᠣᠨ ᠬᠤᠳᠠ ᠶᠢᠨ ᠵᠢᠭᠠᠨ ᠰᠤᠳᠤᠯᠬᠤ ᠲᠥᠪ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠤᠷᠤᠨ ᠤ ᠲᠥᠪ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠤᠯᠠᠨ ᠤ ᠰᠠᠨᠠᠯ ᠰᠠᠨᠠᠭᠤᠯᠭ᠎ᠠ ᠶᠢ ᠰᠣᠨᠣᠰᠴᠠᠢ᠃ ᠲᠡᠷᠡ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ  ᠢ ᠰᠠᠶᠢᠵᠢᠷᠠᠭᠤᠯᠬᠤ᠂ ᠬᠥᠮᠥᠨ ᠠᠮᠠ ᠶᠢ ᠲᠥᠪᠯᠡᠷᠡᠭᠦᠯᠬᠦ᠂ ᠬᠤᠲᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠰᠠᠭᠤᠷᠢ ᠮᠥᠨ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠦᠨᠡᠨᠬᠦ ᠠᠭᠤᠰᠤᠯᠴᠠᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠬᠦᠨᠳᠦᠳᠬᠡᠵᠦ᠂ ᠰᠤᠷᠭᠠᠨ ᠬᠥᠮᠦᠵᠢᠯ ᠤᠨ ᠲᠣᠭᠲᠠᠯ ᠬᠦᠴᠦᠨ ᠢ ᠪᠠᠲᠤ ᠰᠠᠬᠢᠵᠤ᠂ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠨ ᠰᠤᠷᠭᠠᠨ ᠬᠥᠮᠦᠵᠢᠯ ᠢ ᠡᠷᠬᠢᠯᠡᠵᠦ᠂ ᠰᠠᠨᠠᠭ᠎ᠠ ᠰᠡᠳᠬᠢᠯ ᠢᠶᠠᠨ ᠲᠦᠪᠯᠡᠷᠡᠭᠦᠯᠦᠨ ᠪᠣᠳᠠᠲᠠᠢ ᠠᠵᠢᠯ ᠬᠢᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠶᠢᠨ ᠲᠣᠭᠤᠷᠢᠨ ᠳᠤ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠰᠤᠷᠭᠠᠭᠤᠯᠢ ᠶᠢᠨ ᠵᠠᠬᠢᠷᠤᠯ ᠪᠣᠯᠣᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠵᠢᠭᠠᠨ ᠰᠤᠷᠭᠠᠯᠲᠠ ᠶᠢ ᠤᠶᠢᠯᠭᠠᠬᠤ᠂ ᠬᠠᠮᠢᠶᠠᠷᠴᠤ ᠴᠢᠳᠠᠬᠤ᠂ ᠬᠠᠶᠢᠷ᠎ᠠ ᠰᠡᠳᠬᠢᠯᠭᠡ ᠲᠠᠢ ᠰᠢᠯᠢᠳᠡᠭ ᠴᠢᠳᠠᠪᠤᠷᠢᠲᠠᠨ ᠢ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠪᠠᠶᠢᠷᠢᠨ ᠳᠤ ᠭᠠᠷᠭᠠᠬᠤ ᠬᠡᠷᠡᠭᠲᠡᠢ᠃ ᠪᠠᠭᠰᠢ ᠶᠢ ᠤᠷᠢᠨ ᠠᠪᠴᠢᠷᠠᠵᠤ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢ ᠮᠡᠷᠭᠡᠵᠢᠯ ᠤᠨ ᠴᠣᠯᠠ ᠪᠠᠷ ᠤᠷᠢᠵᠤ ᠬᠡᠷᠡᠭᠯᠡᠬᠦ᠂ ᠣᠯᠭᠤᠮᠵᠢ ᠬᠦᠷᠲᠡᠭᠡᠮᠵᠢ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ᠂ ᠪᠠᠭᠰᠢ ᠶᠢᠨ ᠮᠣᠷᠠᠯ ᠨᠢ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠨᠢ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠨᠡᠯᠡᠬᠦ ᠪᠠᠷ ᠥᠭᠡᠷᠡᠴᠢᠯᠡᠬᠦ ᠶᠢ ᠠᠬᠢᠭᠤᠯᠵᠤ᠂ ᠦᠨᠡᠯᠡᠬᠦ ᠪᠠᠷ ᠪᠠᠶᠢᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠣᠯᠣᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠡᠢ᠃       ᠬᠤᠲᠠ ᠶᠢᠨ ᠤᠳᠤᠷᠢᠳᠤᠯᠭ᠎ᠠ ᠹᠠᠩ ᠢᠦᠢ ᠳ᠋ᠦᠩ᠂ ᠹᠦ᠋ ᠶᠢᠨ ᠽᠠᠢ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ