ᠾᠧ ᠬᠠᠢ ᠳ᠋ᠦᠩ ᠰᠢ ᠠᠨ ᠬᠤᠲᠠ ᠳᠤ ᠬᠦᠷᠴᠦ ᠯᠦᠩ ᠵᠢᠢ ᠯᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/4/9
      ︵ᠰᠤᠷᠪᠤᠯᠵᠢᠯᠠᠭᠴᠢ ᠯᠢᠶᠠᠩ ᠵᠢᠩ ᠱᠤ᠋︶  4 ᠳ᠋ᠦ᠋ᠭᠡᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠨᠠᠷ ᠰᠢ ᠠᠨ ᠬᠤᠲᠠ ᠳᠤ ᠬᠦᠷᠴᠦ ᠯᠦᠩ ᠵᠢᠢ ᠯᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠵᠤ᠂ ᠯᠦᠩ ᠵᠢᠢ ᠯᠢᠦᠢ ᠨᠧᠩ ᠣᠶᠤᠨᠲᠤ ᠦᠵᠡᠰᠬᠦᠯᠡᠩ ᠤᠨ ᠣᠷᠳᠣᠨ᠂ BIPV ᠪᠡᠶᠡᠴᠢᠯᠡᠨ ᠣᠶᠢᠯᠠᠭᠠᠬᠤ ᠣᠷᠳᠣᠨ ᠢ ᠲᠣᠭᠤᠷᠢᠨ ᠦᠵᠡᠭᠰᠡᠨ ᠪᠥᠭᠡᠳ ᠯᠦᠩ ᠵᠢᠢ ᠯᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠯ ᠯᠢ ᠵᠧᠨ ᠭᠦᠸᠧ ᠲᠠᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃       ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠬᠡᠯᠡᠬᠦ ᠳᠡᠭᠡᠨ᠂ ᠬᠥᠬᠡᠬᠤᠲᠠ ᠶᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠴᠡᠪᠡᠷ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠢ ᠢᠳᠡᠪᠬᠢᠲᠡᠢ ᠬᠥᠭᠵᠢᠭᠦᠯᠵᠦ ᠪᠠᠶᠢᠨ᠎ᠠ᠃ ᠯᠦᠩ ᠵᠢᠢ ᠯᠢᠦᠢ ᠨᠧᠩ‌‍ᠺᠣᠮᠫᠠᠨᠢ ᠶᠢᠨ  ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠵᠤ᠂ ᠡᠨᠧᠷᠭᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠨᠡᠩ ᠰᠠᠶᠢᠲᠤᠷ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠬᠡᠬᠤᠲᠠ ᠳᠠᠬᠢ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠪᠡ᠃       ᠯᠢ ᠵᠧᠨ ᠭᠦᠸᠧ ᠾᠧ ᠬᠠᠢ ᠳ᠋ᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠺᠣᠮᠫᠠᠨᠢ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠡᠵᠡᠩᠨᠡᠯᠲᠡ ᠬᠥᠭᠵᠢᠯᠲᠡ ᠵᠡᠷᠭᠡ ᠪᠠᠶᠢᠳᠠᠯ ᠢ ᠲᠠᠨᠢᠯᠴᠠᠭᠤᠯᠪᠠ᠃ ᠲᠡᠷᠡ᠂ ᠺᠣᠮᠫᠠᠨᠢ ᠠᠴᠠ ᠠᠵᠤ ᠠᠬᠤᠶᠢᠯᠠᠯ ᠤᠨ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠬᠤ᠂  ᠴᠠᠬᠢᠯᠭᠠᠨ ᠰᠤᠷᠪᠤᠯᠵᠢ᠂ ᠲᠣᠣᠷ᠂ ᠳᠠᠭᠠᠭᠠᠴᠠ᠂ ᠨᠥᠭᠡᠴᠡᠯᠡᠬᠦ ᠶᠢ ᠨᠢᠭᠡ ᠴᠣᠭᠴᠠᠵᠢᠭᠤᠯᠬᠤ ᠵᠡᠷᠭᠡ ᠲᠠᠯ᠎ᠠ ᠪᠠᠷ ᠬᠥᠬᠡᠬᠤᠲᠠ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ