ᠲᠣᠮᠣ ᠬᠡᠯᠪᠡᠷᠢ ᠶᠢᠨ ᠱᠠᠨ ᠰᠢ ᠵᠦᠴᠦᠭᠡ ︽ᠭᠤᠪᠢ ᠶᠢᠨ ᠬᠠᠪᠤᠷ︾ ᠢ ᠠᠩᠬ᠎ᠠ ᠲᠣᠭᠯᠠᠪᠠ
ᠨᠡᠶᠢᠲᠡᠯᠡᠭᠰᠡᠨ ᠴᠠᠭ᠄
2024/5/10
0510.jpg
      ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ    ︵ᠳᠠᠳᠤᠯᠭ᠎ᠠ ᠶᠢᠨ ᠰᠤᠷᠪᠤᠯᠵᠢᠯᠠᠭᠴᠢ ᠷᠥᠸᠧ ᠭᠦ᠋︶ 5 ᠳ᠋ᠤᠭᠠᠷ ᠰᠠᠷ᠎ᠠ ᠶᠢᠨ 9 ᠤ ᠡᠳᠦᠷ ᠤᠨ ᠤᠷᠤᠢ᠂ ᠬᠤᠷᠢᠨᠭᠡᠷ ᠰᠢᠶᠠᠨ ᠤ ᠪᠠᠢ ᠡᠯ ᠶᠧ ᠡᠯᠡᠰᠦᠨ ᠬᠠᠰᠢᠯᠭ᠎ᠠ ᠶᠢᠨ ᠡᠯᠡᠰᠦ ᠶᠢ ᠵᠠᠰᠠᠭᠰᠠᠨ ᠦᠨᠡᠨ ᠪᠣᠳᠠᠲᠠᠶ ᠲᠡᠤᠬᠡ ᠶᠢ ᠦᠨᠳᠦᠰᠦᠯᠡᠨ ᠥᠭᠡᠷᠡᠴᠢᠯᠡᠨ ᠨᠠᠶᠢᠷᠠᠭᠤᠯᠤᠭᠰᠠᠨ ᠲᠣᠮᠣ ᠬᠡᠯᠪᠡᠷᠢ ᠶᠢᠨ ᠱᠠᠨ ᠰᠢ ᠵᠦᠴᠦᠭᠡ ︽ᠭᠤᠪᠢ ᠶᠢᠨ ᠬᠠᠪᠤᠷ︾ ᠶᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠠᠩᠬ᠎ᠠ ᠲᠣᠭᠯᠠᠪᠠ᠃ ᠲᠤᠰ ᠵᠦᠴᠦᠭᠡ ᠨᠢ ᠥᠪᠥᠷ ᠮᠣᠩᠭᠤᠯ ᠤᠨ ᠡᠯᠡᠰᠦ ᠶᠢ ᠵᠠᠰᠠᠬᠤ ᠬᠥᠮᠦᠰ ᠵᠠᠯᠠᠭᠤ ᠨᠠᠰᠤ ᠪᠠ ᠪᠠᠲᠤ ᠰᠠᠬᠢᠯᠲᠠ ᠪᠠᠷ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠭᠤᠭᠠᠨ ᠤᠷᠳᠤ ᠴᠠᠭᠠᠨ ᠬᠡᠷᠡᠮ ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢᠨ ᠲᠥᠯᠥᠭᠡ ᠦᠷᠭᠦᠯᠵᠢᠯᠡᠨ ᠲᠡᠮᠡᠴᠡᠭᠰᠡᠨ ᠰᠡᠳᠬᠢᠯ ᠬᠥᠳᠡᠯᠭᠡᠮ᠎ᠡ ᠦᠯᠢᠭᠡᠷ ᠢ ᠠᠮᠢᠳᠤᠯᠢᠭ ᠢᠶᠠᠷ ᠲᠠᠬᠢᠨ ᠢᠯᠡᠷᠡᠭᠦᠯᠪᠡ᠃    ︽ᠭᠤᠪᠢ ᠶᠢᠨ ᠬᠠᠪᠤᠷ︾ ᠨᠢ ᠬᠥᠬᠡᠬᠤᠲᠠ ᠶᠢᠨ ᠣᠨ ᠤ ᠭᠤᠣᠯᠳᠠᠯᠭ᠎ᠠ ᠲᠠᠢ ᠤᠳᠭ᠎ᠠ ᠤᠷᠠᠯᠢᠭ ᠤᠨ ᠪᠦᠲᠦᠭᠡᠯ ᠪᠣᠯᠤᠭᠰᠠᠨ ᠤ ᠬᠤᠪᠢ ᠳᠤ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠲᠠᠢ ᠬᠠᠮᠲᠤᠪᠠᠷ ᠵᠣᠬᠢᠶᠠᠨ ᠪᠦᠲᠦᠭᠡᠵᠦ᠂ ᠬᠥᠬᠡᠬᠤᠲᠠ ᠶᠢᠨ ᠱᠠᠨ ᠰᠢ ᠵᠦᠴᠦᠭᠡ ᠶᠢᠨ ᠬᠦᠷᠢᠶᠡᠯᠡᠩ ᠭᠤᠤᠯᠯᠠᠨ ᠲᠣᠭᠯᠠᠪᠠ᠃ ᠵᠦᠴᠦᠭᠡ ᠳᠤ ᠳᠤᠮᠳᠠᠳᠤ ᠤᠯᠤᠰ ᠤᠨ ᠰᠢ ᠵᠦᠴᠦᠭᠡ ᠲᠠᠭᠤᠤᠷᠢᠯᠢᠭ ᠤᠨ ᠤᠳᠤᠷᠢᠳᠤᠭᠠᠴᠢ ᠶᠢᠨ ᠨᠡᠶᠢᠭᠡᠮᠯᠢᠭ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠣᠳᠣ ᠦᠶ᠎ᠡ ᠶᠢᠨ ᠠᠯᠳᠠᠷᠲᠤ ᠰᠢ ᠵᠦᠴᠦᠭᠡ ︵ᠰᠢ ᠵᠦᠴᠦᠭᠡ ᠲᠠᠭᠤᠤᠷᠢᠯᠢᠭ︶ ᠶᠢᠨ ᠤᠳᠤᠷᠢᠳᠤᠭᠠᠴᠢ ᠭᠦᠸᠧ ᠰᠢᠶᠣᠤ ᠨᠠᠨ ᠢ ᠤᠳᠤᠷᠢᠳᠤᠭᠠᠴᠢ ᠪᠠᠷ ᠲᠤᠰᠬᠠᠶᠢᠯᠠᠨ ᠤᠷᠢᠵᠤ᠂ ᠬᠥᠬᠡᠬᠤᠲᠠ ᠶᠢᠨ ᠱᠠᠨ ᠰᠢ ᠵᠦᠴᠦᠭᠡ ᠶᠢᠨ ᠬᠦᠷᠢᠶᠡᠯᠡᠩ ᠤᠨ ᠰᠢᠨ᠎ᠡ ᠨᠢᠭᠡ ᠦᠶ᠎ᠡ ᠶᠢᠨ ᠰᠢᠯᠢᠳᠡᠭ ᠵᠠᠯᠠᠭᠤ ᠲᠣᠭᠯᠠᠭᠴᠢᠳ ᠭᠤᠣᠯ ᠲᠤᠭᠯᠠᠭᠴᠢ ᠪᠤᠯᠵᠤ᠂ ᠤᠯᠠᠮᠵᠢᠯᠠᠯᠲᠤ ᠪᠠ ᠰᠢᠨ᠎ᠡ ᠶᠢ ᠡᠭᠦᠳᠬᠦ ᠶᠢ ᠤᠶᠠᠯᠳᠤᠭᠤᠯᠤᠭᠰᠠᠨ ᠤᠷᠠᠯᠢᠭ ᠤᠨ ᠠᠷᠭ᠎ᠠ ᠪᠠᠷᠢᠯ ᠢᠶᠠᠷ ᠥᠷᠭᠡᠨ ᠣᠯᠠᠨ ᠦᠵᠡᠭᠴᠢᠳ ᠲᠤ ᠠᠤᠭ᠎ᠠ ᠰᠡᠳᠦᠪ ᠲᠠᠢ᠂ ᠤᠷᠠᠯᠢᠭ ᠤᠨ ᠨᠥᠯᠥᠭᠡᠯᠡᠬᠦ ᠬᠦᠴᠦᠨ ᠶᠡᠬᠡᠲᠡᠶ ᠲᠣᠮᠣ ᠬᠡᠯᠪᠡᠷᠢ ᠶᠢᠨ ᠠᠩᠬᠠᠨ ᠤ ᠡᠭᠦᠳᠦᠯᠲᠡ ᠶᠢᠨ ᠱᠠᠨ ᠰᠢ ᠣᠲᠣ ᠦᠶ᠎ᠡ ᠶᠢᠨ ᠵᠦᠴᠦᠭᠡ ᠶᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠡᠯᠡᠰᠦ ᠶᠢ ᠵᠠᠰᠠᠭᠴᠢ ᠵᠠᠯᠠᠭᠤ ᠨᠠᠰᠤ ᠪᠠ ᠬᠠᠯᠠᠭᠤᠨ ᠴᠢᠰᠤ ᠪᠠᠷ ᠢᠶᠠᠨ  ᠪᠢᠴᠢᠭᠯᠡᠭᠰᠡᠨ ᠪᠠᠯᠠᠷᠠᠰᠢ ᠥᠬᠡᠶ ᠭᠠᠶᠢᠬᠠᠮᠰᠢᠭ ᠢ ᠮᠠᠭᠲᠠᠨ ᠳᠠᠭᠤᠯᠠᠪᠠ᠃ ᠭᠤᠶᠢᠳᠠ ᠰᠠᠶᠢᠬᠠᠨ ᠲᠣᠭᠯᠠᠯᠲᠠ᠂ ᠲᠦᠢᠯ ᠤᠨ ᠶᠡᠭᠡ ᠨᠥᠯᠥᠭᠡᠯᠡᠬᠦ ᠬᠦᠴᠦᠨ ᠲᠠᠢ ᠵᠦᠴᠦᠭᠡ ᠶᠢᠨ ᠪᠠᠶᠢᠳᠠᠯ ᠨᠢ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠰᠡᠳᠬᠢᠯ ᠢ ᠳᠣᠭᠳᠣᠯᠤᠭᠤᠯᠵᠤ᠂ ᠤᠯᠠᠨ ᠢᠶᠠᠷ ᠢᠶᠠᠨ ᠪᠠᠶᠢᠨ ᠳᠠᠬᠢᠨ ᠬᠠᠯᠠᠭᠤᠨ ᠢᠶᠠᠷ ᠠᠯᠠᠭ᠎ᠠ ᠲᠠᠰᠢᠵᠤ ᠪᠠᠶᠢᠯ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ