ᠭᠦᠭᠡᠬᠤᠲᠠ ᠨᠢᠯᠬᠠᠰ ᠢ ᠠᠰᠠᠷᠠᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/5/11
      5 ᠰᠠᠷ᠎ᠠ ᠶᠢᠨ 8 ᠤ ᠡᠳᠦᠷ᠂ ᠰᠤᠷᠪᠤᠯᠵᠢᠯᠠᠬᠴᠢ ᠭᠦᠭᠡᠬᠤᠲᠠ ᠶᠢᠨ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠭᠡᠷ ᠪᠦᠯᠢ ᠶᠢᠨ ᠣᠯᠠᠨ ᠶᠠᠩᠵᠤ ᠶᠢᠨ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠭᠦᠭᠡᠬᠤᠲᠠ ᠶᠢᠨ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ  ᠨᠦᠭᠦᠳ︾ ᠭᠡᠵᠦ ᠲᠣᠪᠴᠢᠯᠠᠨ᠎ᠠ︶ ᠢ ᠣᠶᠢᠷ᠎ᠠ ᠳᠤ ᠨᠡᠶᠢᠲᠡᠯᠡᠪᠡ᠃      ︽ᠠᠷᠭ᠎ᠠ ᠬᠡᠮᠵᠢᠶ᠎ᠡ ᠨᠦᠭᠦᠳ︾ ᠲᠤ ᠭᠡᠷ ᠪᠦᠯᠢ ᠶᠢᠨ ᠬᠡᠦᠬᠡᠳ ᠥᠰᠬᠡᠬᠦ ᠥᠪᠡᠷ ᠤᠨ ᠥᠷᠲᠡᠭ ᠢ ᠪᠠᠭᠤᠷᠠᠭᠤᠯᠬᠤ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠬᠤ᠂ ᠭᠡᠷ ᠪᠦᠯᠢ ᠶᠢᠨ ᠬᠡᠦᠬᠡᠳ ᠥᠰᠬᠡᠬᠦ ᠳᠤ ᠦᠵᠡᠭᠦᠯᠭᠦ ᠳᠡᠮᠵᠢᠯᠭᠡ ᠶᠢ ᠨᠡᠮᠡᠭᠳᠡᠭᠦᠯᠬᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠰᠠᠭᠠᠲᠠᠭᠤᠯᠤᠨ ᠠᠰᠠᠷᠠᠬᠤ ᠬᠥᠭᠵᠢᠯᠲᠡ ᠶᠢ ᠠᠬᠢᠭᠤᠯᠬᠤ᠂ ᠭᠡᠷ ᠪᠦᠯᠢ ᠶᠢᠨ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠵᠢᠯᠣᠭᠤᠳᠤᠯᠭ᠎ᠠ ᠶᠢ ᠴᠢᠩᠭᠠᠳᠬᠠᠬᠤ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ᠭᠠᠶᠢᠯᠢ ᠲᠤᠰᠢᠶᠠᠭᠴᠢ ᠶᠢᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠦᠷ᠎ᠡ ᠬᠡᠦᠬᠡᠳ ᠢ ᠰᠠᠭᠠᠲᠠᠭᠤᠯᠤᠨ ᠠᠰᠠᠷᠠᠬᠤ ᠬᠠᠮᠢᠶ᠎ᠠ ᠪᠦᠬᠦᠢ ᠵᠠᠷᠤᠯᠭ᠎ᠠ ᠶᠢ ᠨᠢᠯᠬ᠎ᠠ ᠬᠡᠦᠬᠡᠳ ᠨᠢᠭᠡᠪᠦᠷᠢ ᠳᠤ ᠰᠠᠷ᠎ᠠ ᠪᠦᠷᠢ 2000 ᠲᠥᠭᠦᠷᠢᠭ ᠤᠨ ᠪᠠᠷᠢᠮᠵᠢᠶ᠎ᠠ ᠶᠢᠨ ᠲᠣᠭᠲᠠᠭᠰᠠᠨ ᠲᠤᠭ᠎ᠠ ᠪᠠᠷ ᠬᠠᠰᠤᠨ᠎ᠠ᠃ ᠬᠤᠶᠠᠷ ᠬᠡᠦᠬᠡᠳ ᠠᠪᠴᠤ ᠪᠤᠯᠬᠤ᠂ ᠭᠤᠷᠪᠠᠨ ᠬᠡᠦᠬᠡᠳ ᠠᠪᠴᠤ ᠪᠤᠯᠬᠤ ᠭᠦᠭᠡᠬᠤᠲᠠ ᠶᠢᠨ ᠡᠷᠦᠭᠡ ᠠᠮᠠ ᠲᠠᠢ ᠭᠡᠷ ᠪᠦᠯᠢ ᠳᠤ ᠬᠡᠦᠬᠡᠳ ᠬᠥᠮᠥᠵᠢᠭᠦᠯᠬᠦ ᠨᠥᠬᠦᠪᠦᠷᠢ ᠮᠥᠩᠭᠦ ᠶᠢ 5000 ᠲᠥᠭᠦᠷᠢᠭ ᠣᠯᠭᠤᠨ᠎ᠠ᠃ ᠴᠡᠴᠡᠷᠯᠢᠭ ᠲᠤ ᠣᠷᠣᠭᠰᠠᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ ᠭᠡᠷ ᠪᠦᠯᠢ ᠶᠢᠨ ᠬᠥᠮᠥᠨ ᠨᠢᠭᠡᠪᠦᠷᠢ ᠳᠤ ᠵᠢᠯ ᠪᠦᠷᠢ 600 ᠲᠥᠭᠦᠷᠢᠭ ᠤᠨ ᠰᠠᠭᠠᠲᠠᠭᠤᠯᠤᠨ ᠬᠥᠮᠥᠵᠢᠭᠦᠯᠬᠦ ᠪᠠᠶᠢᠭᠤᠯᠤᠮᠵᠢ ᠶᠢᠨ ᠠᠰᠠᠷᠠᠨ ᠬᠠᠷᠠᠭᠠᠯᠵᠠᠬᠤ ᠨᠥᠬᠦᠪᠦᠷᠢ ᠣᠯᠭᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠣᠯᠠᠨ ᠦᠷ᠎ᠡ ᠬᠡᠦᠬᠡᠳ ᠲᠠᠢ ᠭᠡᠷ ᠪᠦᠯᠢ ᠥᠪᠡᠰᠦᠪᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠳᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ 10% ᠪᠠᠷ ᠥᠰᠬᠡᠨ᠎ᠡ᠃ ᠲᠤᠬᠠᠶᠢᠯᠠᠪᠠᠯ ᠬᠤᠶᠠᠷ ᠲᠠᠯ᠎ᠠ ᠪᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ ᠪᠠᠶᠢᠪᠠᠯ᠂ ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠨᠢ 110 ᠲᠦᠮᠡᠨ ᠲᠥᠭᠦᠷᠢᠭ ᠪᠤᠯᠤᠨ᠎ᠠ; ᠭᠠᠭᠴᠠ ᠲᠠᠯ᠎ᠠ ᠠᠴᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠬᠤ ᠳᠤ᠂ ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ ᠨᠢ 66 ᠲᠦᠮᠡᠨ ᠲᠥᠭᠦᠷᠢᠭ ᠪᠣᠯᠣᠨ᠎ᠠ᠃ ᠬᠠᠤᠯᠢ ᠶᠣᠰᠣᠭᠠᠷ ᠬᠡᠦᠬᠡᠳ ᠠᠪᠤᠭᠰᠠᠨ ᠭᠡᠷ ᠪᠦᠯᠢ ᠳᠤ᠂ ᠨᠢᠭᠡᠳᠦᠭᠡᠷ᠂ ᠬᠤᠶᠠᠳᠤᠭᠠᠷ ᠬᠡᠦᠬᠡᠳ ᠠᠪᠬᠤ ᠳᠤ ︽98 ᠡᠳᠦᠷ + 2 ᠰᠠᠷ᠎ᠠ︾ ᠶᠢᠨ ᠬᠥᠩᠭᠡᠵᠢᠬᠦ ᠴᠢᠯᠦᠭᠡ᠂ ᠭᠤᠷᠪᠠᠳᠤᠭᠠᠷ ᠬᠡᠦᠬᠡᠳ ᠠᠪᠬᠤ ᠳᠤ ︽98 ᠡᠳᠦᠷ + 3 ᠰᠠᠷ᠎ᠠ︾ ᠶᠢᠨ ᠬᠥᠩᠭᠡᠵᠢᠬᠦ ᠴᠢᠯᠦᠭᠡ ᠥᠭᠭᠦᠨ᠎ᠡ᠂ ᠡᠷᠡᠭᠲᠡᠢ ᠬᠥᠮᠥᠨ ᠳᠤ 25 ᠡᠳᠦᠷ ᠤᠨ ᠠᠰᠠᠷᠠᠬᠤ ᠴᠢᠯᠦᠭᠡ ᠥᠭᠭᠦᠨ᠎ᠡ᠃ ᠪᠦᠬᠦᠯᠢ 3 ᠨᠠᠰᠤᠨ ᠠᠴᠠ ᠡᠮᠦᠨ᠎ᠡ᠂ ᠵᠢᠯ ᠪᠦᠷᠢ ᠡᠷ᠎ᠡ ᠡᠮ᠎ᠡ ᠬᠤᠶᠠᠷ ᠲᠤ ᠲᠣᠰ ᠲᠣᠰ 10 ᠡᠳᠦᠷ ᠤᠨ ᠬᠡᠦᠬᠡᠳ ᠢᠶᠠᠨ ᠠᠰᠠᠷᠠᠬᠤ ᠴᠢᠯᠦᠭᠡ ᠥᠭᠭᠦᠨ᠎ᠡ᠂ ᠠᠮᠠᠷᠠᠯᠲᠠ ᠶᠢᠨ ᠬᠤᠭᠤᠴᠠᠭᠠᠨ ᠤ ᠴᠠᠯᠢᠩ᠂ ᠠᠰᠠᠷᠠᠮᠵᠢ ᠵᠡᠷᠭᠡ ᠬᠠᠷᠠᠭᠠᠯᠵᠠᠯ ᠨᠢ ᠬᠤᠪᠢᠷᠠᠬᠤ ᠦᠭᠡᠢ᠃ ᠥᠨᠥᠴᠢᠨ ᠬᠡᠦᠬᠡᠳ᠂ ᠵᠡᠮᠳᠡᠭ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠲᠥᠪᠯᠡᠷᠡᠭᠦᠯᠦᠨ ᠠᠰᠠᠷᠠᠨ ᠲᠡᠵᠢᠭᠡᠬᠦ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠨᠠᠭᠠᠲᠤ ᠵᠠᠬ᠎ᠠ ᠶᠢᠨ ᠠᠰᠠᠷᠠᠨ ᠬᠥᠮᠥᠵᠢᠭᠦᠯᠬᠦ ᠪᠠᠷᠢᠮᠵᠢᠶ᠎ᠠ ᠶᠢ ᠵᠢᠯ ᠳᠤ 26400 ᠲᠥᠭᠦᠷᠢᠭ ᠲᠤ ᠬᠦᠷᠦᠭᠦᠯᠦᠨ᠎ᠡ᠃      ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢᠨ ᠲᠠᠯ᠎ᠠ ᠪᠠᠷ᠂ ︽ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠳᠡᠮᠵᠢᠬᠦ᠂ ᠭᠠᠶᠢᠯᠢ ᠰᠦᠢᠳᠬᠡᠯ ᠤᠨ ᠬᠠᠷᠠᠭᠠᠯᠵᠠᠯ ᠢ ᠬᠡᠷᠡᠭᠵᠢᠭᠦᠯᠬᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠬᠦ︾ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ ᠨᠠᠶᠢᠳᠠᠵᠤ ᠰᠠᠭᠠᠲᠠᠭᠤᠯᠤᠨ ᠬᠥᠮᠥᠵᠢᠭᠦᠯᠬᠦ ᠪᠠᠶᠢᠭᠤᠯᠤᠮᠵᠢ ᠶᠢᠨ ᠤᠰᠤ᠂ ᠴᠠᠭᠢᠯᠭᠠᠨ᠂ ᠰᠢᠲᠠᠮᠠᠬᠠᠢ ᠬᠡᠢ᠂ ᠢᠯᠴᠢ ᠬᠡᠷᠡᠭᠯᠡᠬᠦ ᠳᠤ ᠰᠠᠭᠤᠭᠠᠯᠢ ᠠᠷᠠᠳ ᠤᠨ ᠠᠮᠢᠳᠤᠷᠠᠯ ᠤᠨ ᠲᠥᠷᠥᠯ ᠤᠨ ᠦᠨ᠎ᠡ ᠬᠠᠩᠰᠢ ᠶᠢ ᠬᠡᠷᠡᠭᠵᠢᠭᠦᠯᠦᠨ᠎ᠡ᠃ ᠳᠠᠩᠰᠠᠯᠠᠭᠤᠯᠤᠭᠰᠠᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠨᠠᠶᠢᠳᠠᠨ ᠬᠥᠮᠥᠵᠢᠭᠦᠯᠬᠦ ᠭᠠᠵᠠᠷ ᠪᠦᠷᠢ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭᠠᠨ ᠤ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠣᠯᠭᠤᠨ᠎ᠠ; ᠳᠠᠩᠰᠠᠯᠠᠭᠤᠯᠤᠭᠰᠠᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ᠂ ᠪᠣᠳᠠᠲᠠᠢ ᠴᠡᠴᠡᠷᠯᠢᠭ ᠲᠤ ᠣᠷᠣᠭᠰᠠᠨ ᠬᠥᠮᠥᠨ ᠤ ᠲᠤᠭ᠎ᠠ ︵ᠰᠠᠷ᠎ᠠ ᠳᠤ ᠳᠤᠮᠳᠠᠴᠢ ᠪᠠᠷ ᠴᠡᠴᠡᠷᠯᠢᠭ ᠲᠤ ᠣᠷᠣᠭᠰᠠᠨ ᠬᠥᠮᠥᠨ ᠤ ᠲᠤᠭ᠎ᠠ︶ ᠪᠠᠷ ᠬᠥᠮᠥᠨ ᠪᠦᠷᠢ ᠵᠢᠯ ᠳᠤ 100 ᠲᠥᠭᠦᠷᠢᠭ ᠤᠨ ᠡᠵᠡᠩᠨᠡᠯᠲᠡ ᠶᠢᠨ ᠨᠥᠬᠦᠪᠦᠷᠢ ᠣᠯᠭᠤᠨ᠎ᠠ; ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠵᠢᠱᠢᠶ᠎ᠡ ᠦᠵᠡᠭᠦᠯᠭᠦ ᠪᠠᠶᠢᠭᠤᠯᠤᠮᠵᠢ ᠳᠤ ᠨᠢᠭᠡ ᠯᠡ ᠤᠳᠠᠭ᠎ᠠ ᠶᠢᠨ ᠴᠢᠨᠠᠷᠲᠠᠢ 5 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ᠰᠢᠨ᠎ᠡ ᠪᠠᠷ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠨᠠᠶᠢᠳᠠᠵᠤ ᠰᠠᠭᠠᠲᠠᠭᠤᠯᠤᠨ ᠬᠥᠮᠥᠵᠢᠭᠦᠯᠬᠦ ᠳᠤ ᠬᠡᠷᠡᠭᠯᠡᠬᠦ ᠭᠡᠷ ᠪᠠᠶᠢᠰᠢᠩ᠂ ᠭᠠᠵᠠᠷ ᠰᠢᠷᠣᠢ ᠳᠤ ᠬᠠᠮᠢᠶ᠎ᠠ ᠪᠦᠬᠦᠢ ᠭᠠᠶᠢᠯᠢ ᠰᠦᠢᠳᠬᠡᠯ ᠲᠤᠰᠢᠶᠠᠬᠤ ᠶᠢ ᠭᠦᠢᠴᠡᠳᠬᠡᠬᠦ ᠳᠤ ᠬᠠᠰᠤᠵᠤ ᠬᠡᠯᠲᠦᠷᠢᠭᠦᠯᠦᠨ᠎ᠡ᠃ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠠᠶᠢᠳᠠᠵᠤ ᠰᠠᠭᠠᠲᠠᠭᠤᠯᠤᠨ ᠬᠥᠮᠥᠵᠢᠭᠦᠯᠬᠦ ᠠᠩᠭᠢ ᠦᠷᠭᠦᠯᠵᠢᠯᠡᠨ ᠪᠠᠶᠢᠭᠤᠯᠬᠤ ᠶᠢ ᠵᠣᠷᠢᠭᠵᠢᠭᠤᠯᠵᠤ᠂ ᠬᠡᠦᠬᠡᠳ ᠰᠠᠭᠠᠲᠠᠭᠤᠯᠬᠤ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠬᠡᠷᠡᠭᠵᠢᠭᠦᠯᠦᠨ᠎ᠡ᠃ ᠨᠥᠬᠦᠴᠡᠯ ᠲᠠᠢ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠤᠯᠠ ᠪᠠᠶᠢᠭ᠎ᠠ ᠠᠵᠢᠯᠯᠠᠬᠤ ᠲᠠᠯᠠᠪᠤᠷ ᠭᠠᠵᠠᠷ ᠢ ᠠᠰᠢᠭᠯᠠᠨ᠂ ᠲᠤᠰᠠᠭᠠᠷ ᠪᠤᠶᠤ ᠬᠠᠮᠢᠶ᠎ᠠ ᠪᠦᠬᠦᠢ ᠨᠢᠭᠡᠴᠢ ᠲᠠᠢ ᠬᠠᠮᠲᠤᠷᠠᠨ ᠬᠠᠮᠲᠤ ᠪᠠᠷ ᠡᠷᠭᠢᠯᠡᠭᠦ ᠠᠷᠭ᠎ᠠ ᠮᠠᠶ᠋ᠢᠭ ᠢᠶᠠᠷ ᠠᠵᠢᠯᠲᠠᠨ ᠠᠵᠢᠯᠴᠢᠨ ᠳᠤ ᠲᠦᠭᠡᠮᠡᠯ ᠬᠠᠷᠠᠭᠠᠯᠵᠠᠯ ᠦᠵᠡᠭᠦᠯᠭᠦ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠳᠡᠮᠵᠢᠵᠦ᠂ ᠬᠡᠷᠡᠭᠰᠡᠬᠦ ᠲᠠᠯᠠᠪᠠᠶ ᠶᠢ ᠪᠠᠶᠢᠭᠤᠯᠭ᠎ᠠ ᠨᠢᠭᠡᠴᠢ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠶᠡᠷᠦᠩᠬᠡᠢ ᠬᠡᠷᠡᠭᠯᠡᠬᠦ ᠲᠠᠯᠠᠪᠠᠶ ᠳᠤ ᠪᠤᠳᠤᠵᠤ ᠣᠷᠣᠭᠤᠯᠬᠤ ᠦᠭᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ