ᠮᠠᠨ ᠤ ᠬᠤᠲᠠ ᠲᠦᠷᠦᠭᠦᠦ ᠪᠦᠯᠦᠭ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢ  ᠳᠡᠰ ᠳᠡᠭᠡᠭᠰᠢᠯᠡᠭᠦᠯᠦᠨ ᠲᠠᠷᠬᠠᠭᠠᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/5/13
      ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠰᠢᠦᠢ ᠫᠧᠩ ᠹᠧᠢ︶ ᠣᠶᠢᠷ᠎ᠠ ᠳᠤ᠂ ᠮᠠᠨ ᠤ ᠬᠤᠲᠠ ᠲᠦᠷᠦᠭᠦᠤ ᠪᠦᠯᠦᠭ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠳᠡᠰ ᠳᠡᠭᠡᠭᠰᠢᠯᠡᠭᠦᠯᠦᠨ ᠣᠯᠭᠤᠵᠤ᠂ ᠲᠠᠷᠬᠠᠭᠠᠭᠰᠠᠨ ᠶᠡᠷᠦᠩᠬᠡᠶ ᠵᠣᠭᠤᠰ ᠤᠨ ᠲᠤᠭ᠎ᠠ ᠨᠢ 8394.12 ᠲᠦᠮᠡᠨ ᠲᠥᠭᠦᠷᠢᠭ ᠬᠦᠷᠴᠦ᠂ ᠨᠥᠬᠦᠪᠥᠷᠢ ᠶᠢᠨ ᠲᠠᠯᠠᠪᠠᠶ ᠨᠢ 130.99 ᠲᠦᠮᠡᠨ ᠮᠥ ᠬᠦᠷᠴᠦ᠂ 66428 ᠡᠷᠦᠬᠡ ᠳᠤ ᠠᠰᠢᠭ ᠬᠦᠷᠲᠡᠭᠡᠵᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠶᠡᠭᠡ ᠬᠡᠪᠴᠢᠶ᠎ᠡ ᠪᠠᠷ ᠡᠷᠦᠬᠡ ᠳᠤ ᠰᠢᠭᠤᠳ ᠨᠥᠬᠦᠪᠦᠷᠢᠯᠡᠵᠦ᠂ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠮᠠᠯᠴᠢᠨ ᠲᠠᠷᠢᠶᠠᠴᠢᠨ ᠳᠤ ᠣᠯᠭᠤᠬᠤ ᠶᠢ ᠦᠨᠡᠨ ᠬᠦ ᠪᠠᠲᠤᠯᠠᠪᠠ᠃      ︽ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠰᠢᠭᠤᠳ ᠣᠯᠭᠤᠬᠤ ᠲᠣᠭᠲᠠᠴᠠ ᠶᠢᠨ ᠰᠢᠨ᠎ᠡ ᠶᠢ ᠡᠭᠦᠳᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠥᠬᠦᠪᠥᠷᠢ ᠶᠢᠨ ᠪᠠᠯᠠ ᠮᠥᠩᠭᠦ ᠶᠢᠨ ᠳᠡᠰ ᠳᠡᠭᠡᠭᠰᠢᠯᠡᠭᠦᠯᠦᠨ ᠣᠯᠭᠤᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠷ ᠳᠥᠯᠭᠢᠨ ᠠᠬᠢᠭᠤᠯᠪᠠ᠃ ᠡᠨᠡ ᠬᠤᠭᠤᠴᠠᠭᠠᠨ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ ᠮᠡᠳᠡᠭᠳᠡᠯ ᠢ ᠣᠯᠤᠭᠰᠠᠨ ᠤ ᠳᠠᠷᠠᠭ᠎ᠠ ᠪᠥᠬᠦ ᠬᠤᠲᠠ ᠶᠢᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ᠲᠠᠰ ᠳᠡᠪᠰᠢᠭᠦᠯᠦᠨ ᠲᠠᠷᠬᠠᠭᠠᠬᠤ ᠰᠢᠰᠲ᠋ᠧᠮ ᠢ ᠲᠠᠨᠢᠭᠤᠯᠵᠤ ᠪᠣᠯᠪᠠᠰᠤᠷᠠᠭᠤᠯᠬᠤ ᠬᠤᠷᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ᠂ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠠᠯᠠᠭ᠎ᠠ ᠲᠠᠰᠤᠭ ᠤᠨ ᠠᠵᠢᠯᠲᠠᠨ ᠳᠤ ᠪᠣᠯᠪᠠᠰᠤᠷᠠᠭᠤᠯᠤᠯ ᠬᠦᠷᠲᠡᠭᠡᠪᠡ᠃ ᠡᠭᠦᠨ ᠤ ᠬᠠᠮᠲᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠮᠢᠶ᠎ᠠ ᠪᠥᠬᠦᠶ ᠪᠠᠩᠬᠢ ᠲᠠᠢ ᠢᠳᠡᠪᠬᠢᠲᠡᠶ ᠵᠣᠯᠭᠠᠭᠤᠯᠵᠤ᠂ ᠡᠴᠦᠰ ᠲᠡᠭᠡᠨ 7 ᠪᠠᠩᠬᠢ ᠲᠠᠢ ︽ᠪᠠᠩᠬᠢ ᠳᠤ ᠨᠠᠶᠢᠳᠠᠵᠤ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠬᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠡᠯ᠎ᠡ ᠪᠠᠩᠬᠢ ᠶᠢ ᠰᠢᠮᠳᠠᠭᠤᠯᠵᠤ ᠪᠠᠶᠢᠭᠠᠳ ᠡᠳ᠋ ᠤᠨ ᠵᠠᠰᠠᠭ ᠤᠨ ᠰᠢᠰᠲ᠋ᠧᠮ ᠲᠠᠢ ᠵᠣᠯᠭᠠᠭᠤᠯᠵᠤ᠂ ᠴᠠᠭ ᠲᠤᠬᠠᠶ ᠳᠤᠨᠢ ᠬᠠᠮᠲᠤᠷᠠᠭᠰᠠᠨ ᠰᠣᠷᠢᠯᠲᠠ ᠬᠢᠪᠡ︔ ᠪᠡᠯᠡ ᠮᠥᠩᠭᠦ ᠲᠠᠷᠬᠠᠭᠠᠬᠤ ᠶᠠᠪᠤᠴᠠ ᠳᠤ ᠡᠯ᠎ᠡ ᠲᠥᠷᠥᠯ ᠤᠨ ᠠᠰᠠᠭᠤᠳᠠᠯ ᠲᠤᠯᠭᠠᠷᠠᠪᠠᠯ᠂ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠥᠭᠡᠯᠡᠨ ᠲᠣᠨᠤᠭ ᠤᠨ ᠺᠣᠮᠫᠠᠨᠢ ᠵᠢᠴᠢ ᠪᠠᠩᠬᠢ ᠶᠢᠨ ᠲᠣᠣᠷ ᠴᠡᠭ ᠲᠠᠢ ᠨᠡᠪᠲᠡᠷᠡᠯᠴᠡᠨ ᠵᠣᠬᠢᠴᠠᠭᠤᠯᠵᠤ᠂ ᠨᠥᠬᠦᠪᠥᠷᠢ ᠶᠢᠨ ᠪᠡᠯᠡ ᠮᠥᠩᠭᠦ ᠲᠠᠷᠬᠠᠭᠠᠬᠤ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠲᠦᠷᠭᠡᠳᠬᠡᠨ ᠠᠬᠢᠭᠤᠯᠪᠠ᠃      ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠨᠥᠬᠦᠪᠥᠷᠢ ᠶᠢᠨ ᠪᠠᠯᠠ ᠮᠥᠩᠭᠦ ᠶᠢ ᠮᠠᠯᠴᠢᠨ ᠲᠠᠷᠢᠶᠠᠴᠢᠨ ᠤ ᠭᠠᠷ ᠲᠤ ᠣᠯᠭᠤᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠮᠦᠨᠡᠬᠢ ᠬᠤᠭᠤᠴᠠᠭᠠᠨ ᠳᠤ ᠲᠤᠰᠬᠠᠶ ᠰᠡᠳᠦᠪᠲᠦ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠢ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠨᠠᠷᠢᠨ ᠲᠠᠩᠰᠠ ᠶᠢ ᠲᠦᠷᠭᠡᠨ ᠳᠡᠭᠡᠭᠰᠢ ᠮᠡᠳᠡᠭᠦᠯᠬᠦ ᠶᠢᠨ ᠬᠠᠮᠲᠤ᠂ ᠪᠠᠯᠠ ᠮᠥᠩᠭᠦ ᠲᠠᠷᠬᠠᠭᠠᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠳᠤ ᠵᠢᠯᠣᠭᠤᠳᠣᠯᠭ᠎ᠠ ᠥᠭᠴᠦ᠂ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ