ᠮᠠᠨ ᠤ ᠬᠤᠲᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ 5000 ᠲᠦᠮᠡᠨ ᠲᠥᠭᠦᠷᠢᠭ ᠤᠯᠪᠠ
ᠨᠡᠶᠢᠲᠡᠯᠡᠭᠰᠡᠨ ᠴᠠᠭ᠄
2024/5/14
      ︵ᠰᠤᠷᠪᠤᠯᠵᠢᠯᠠᠭᠴᠢ ᠰᠦᠩ ᠰᠢᠶᠠᠩ ᠬᠤᠸᠠ  ᠴᠢᠮᠡᠬᠡᠯᠡᠭᠴᠢ ᠪᠦᠸᠧ ᠶᠤᠸᠠᠨ︶ ᠣᠶᠢᠷ᠎ᠠ ᠳᠤ᠂ ᠮᠠᠨ ᠤ ᠬᠤᠲᠠ ᠲᠥᠪ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ 5000 ᠲᠦᠮᠡᠨ ᠲᠥᠭᠦᠷᠢᠭ ᠣᠯᠵᠤ᠂ ᠬᠤᠷᠢᠨᠭᠡᠷ ᠰᠢᠶᠠᠨ ᠤ ︽  ᠡᠭᠦᠯᠡᠨ ᠬᠦᠨᠳᠡᠢ ᠶᠢᠨ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠦᠷᠢᠶᠡᠯᠡᠩ ᠤᠨ ᠳᠠᠬᠢᠯᠲᠠ ᠤᠰᠤᠨ ᠤ ᠬᠤᠭᠤᠯᠠᠶ ᠶᠢᠨ ᠲᠣᠤᠷ ᠵᠢᠴᠢ ᠬᠥᠭᠡᠷᠭᠡ ᠶᠢᠨ ᠥᠷᠲᠡᠭᠡ ᠶᠢᠨ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ︾ ᠢ ᠳᠡᠮᠵᠢᠬᠦ ᠳᠤ ᠬᠡᠷᠡᠭᠯᠡᠪᠡ᠃      ᠬᠠᠲᠤᠨ ᠭᠤᠤᠯ ᠤᠨ ᠰᠠᠪᠠ ᠭᠠᠵᠠᠷ ᠪᠣᠯ ᠮᠠᠨ ᠤ ᠤᠯᠤᠰ ᠤᠨ ᠴᠢᠬᠤᠯᠠ ᠠᠮᠢ ᠠᠬᠤᠶ ᠶᠢᠨ ᠬᠠᠯᠬᠠᠪᠴᠢ ᠪᠠ ᠠᠵᠤ ᠠᠬᠤᠶ ᠶᠢᠨ ᠪᠦᠰᠡ ᠮᠥᠨ᠂ ᠲᠡᠷᠡ ᠨᠢ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ᠂ ᠵᠠᠮ ᠳᠠᠭᠠᠤ ᠶᠢᠨ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠭ᠎ᠠ ᠶᠤᠮ᠃ ᠣᠶᠢᠷ᠎ᠠ ᠶᠢᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠡᠳ᠋ ᠤᠨ ᠵᠠᠰᠠᠭ ᠤᠨ ᠣᠷᠣᠭᠤᠯᠤᠯᠲᠠ ᠪᠠᠨ ᠲᠠᠰᠤᠷᠠᠯᠲᠠ ᠥᠬᠡᠶ ᠨᠡᠮᠡᠭᠳᠡᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠰᠡᠷᠭᠦᠭᠡᠬᠦ᠂ ᠣᠷᠴᠢᠨ ᠠᠬᠤᠶ ᠶᠢ ᠬᠠᠮᠠᠭᠠᠯᠠᠬᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ᠂ ᠴᠢᠨᠠᠷ ᠰᠠᠶᠢᠲᠠᠶ ᠬᠥᠭᠵᠢᠭᠦᠯᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃      2023 ᠣᠨ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠪᠠᠶᠢᠭᠤᠯᠤᠭᠰᠠᠨ ᠠᠴᠠ ᠨᠠᠭᠠᠰᠢ᠂ ᠮᠠᠨ ᠤ ᠬᠤᠲᠠ ᠨᠢᠭᠡᠨᠲᠡ ᠬᠤᠶᠠᠷ ᠵᠢᠯ ᠳᠠᠷᠠᠭᠠᠯᠠᠨ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠨᠡᠶᠢᠲᠡ 16314 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠶᠢ ᠤᠯᠪᠠ᠃ ᠲᠣᠰ ᠤᠳᠠᠭᠠᠨ ᠤ ᠲᠤᠰᠬᠠᠶ ᠪᠠᠯᠠ ᠮᠥᠩᠭᠦ ᠶᠢ ᠠᠮᠵᠢᠯᠲᠠ ᠲᠠᠢ ᠣᠯᠤᠭᠰᠠᠨ ᠨᠢ ᠮᠠᠨ ᠤ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠳᠡᠮᠵᠢᠯᠭᠡ ᠬᠠᠩᠭᠠᠵᠤ᠂ ᠦᠨᠳᠦᠰᠦᠨ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠮᠥᠩᠭᠦ ᠶᠢᠨ ᠬᠡᠷᠡᠭᠴᠡᠭᠡ ᠪᠠ ᠡᠳ᠋ ᠤᠨ ᠬᠦᠴᠦᠨ ᠪᠠᠴᠢᠮ ᠪᠠᠶᠢᠭ᠎ᠠ ᠪᠠᠶᠢᠳᠠᠯ ᠢ ᠶᠡᠭᠡ ᠪᠠᠷ ᠨᠠᠮᠳᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠬᠤᠤᠰ ᠠᠮᠵᠢᠯᠲᠠ ᠤᠯᠬᠤ ᠪᠣᠯᠤᠨ᠎ᠠ᠃      ᠳᠠᠷᠠᠭᠠᠴᠢ ᠶᠢᠨ ᠠᠯᠬᠤᠮ ᠳᠤ᠂ ᠣᠷᠣᠨ ᠤ ᠲᠥᠪ ᠤᠨ ᠡᠳ᠋ ᠤᠨ ᠵᠠᠰᠠᠭ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠲᠦᠷᠦᠯ ᠵᠦᠢᠯ ᠢ ᠬᠡᠷᠡᠭᠵᠢᠭᠦᠯᠬᠦ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠤᠰᠬᠠᠢ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠮᠦᠩᠭᠦ ᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤ ᠬᠡᠷᠡᠭᠯᠡᠬᠦ ᠶᠢ ᠪᠠᠲᠤᠯᠠᠵᠤ᠂ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠤᠨ᠎ᠠ᠃ ᠡᠭᠦᠨ ᠤ ᠬᠠᠮᠲᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠡᠯ᠎ᠡ ᠵᠦᠢᠯ ᠤᠨ ᠲᠦᠷᠦ ᠶᠢᠨ ᠪᠤᠳᠤᠯᠭ᠎ᠠ ᠪᠠ ᠠᠵᠢᠯ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠨᠡᠩ ᠤᠯᠠᠨ ᠲᠦᠷᠦ ᠶᠢᠨ ᠪᠤᠳᠤᠯᠭ᠎ᠠ ᠬᠢᠭᠡᠳ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ