ᠮᠠᠨ ᠤ ᠬᠤᠲᠠ ᠠᠭᠤᠷ ᠠᠮᠢᠰᠬᠤᠯ ᠵᠤᠬᠢᠴᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠬᠤᠲᠠ ᠪᠠᠷ ᠠᠮᠵᠢᠯᠲᠠ ᠲᠠᠢ ᠰᠣᠩᠭᠤᠭᠳᠠᠪᠠ
ᠨᠡᠶᠢᠲᠡᠯᠡᠭᠰᠡᠨ ᠴᠠᠭ᠄
2024/5/17
      ︵ᠳᠠᠳᠤᠯᠭ᠎ᠠ ᠶᠢᠨ ᠰᠤᠷᠪᠤᠯᠵᠢᠯᠠᠭᠴᠢ ᠷᠦᠸᠧ ᠭᠦ᠋︶ 5 ᠳ᠋ᠤᠭᠠᠷ ᠰᠠᠷ᠎ᠠ ᠶᠢᠨ 15 ᠤ ᠡᠳᠦᠷ᠂ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠵᠡᠷᠭᠡ 8 ᠰᠠᠯᠠᠭ᠎ᠠ ᠮᠥᠴᠢᠷ ᠬᠠᠮᠲᠤᠷᠠᠨ ︽ᠠᠭᠤᠷ ᠠᠮᠢᠰᠬᠤᠯ ᠵᠤᠬᠢᠴᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠨᠡᠷᠡᠰ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠦᠬᠦ ᠤᠯᠤᠰ ᠤᠨ 39 ᠬᠤᠲᠠ ︵ᠲᠣᠭᠤᠷᠢᠭ︶ ᠶᠢ ᠠᠭᠤᠷ ᠠᠮᠢᠰᠬᠤᠯ ᠵᠤᠬᠢᠴᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠢᠶᠠᠷ ᠨᠡᠶᠢᠲᠡᠯᠡᠪᠡ᠃ ᠮᠠᠨ ᠤ ᠬᠤᠲᠠ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠬᠤᠲᠠ ᠪᠣᠯᠵᠣ᠂ ᠮᠠᠨ ᠤ ᠬᠤᠲᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠬᠤᠲᠠ ᠶᠢᠨ ᠤᠶᠠᠨ ᠬᠠᠳᠠᠨ ᠴᠢᠨᠠᠷ ᠲᠠᠢ ᠦᠷᠭᠦᠯᠵᠢᠯᠡᠨ ᠬᠥᠭᠵᠢᠬᠦ ᠶᠢ ᠠᠬᠢᠭᠤᠯᠬᠤ ᠲᠠᠯ᠎ᠠ ᠪᠠᠷ ᠴᠢᠬᠤᠯᠠ ᠨᠢᠭᠡ ᠠᠯᠬᠤᠮ ᠢ ᠠᠯᠬᠤᠭᠰᠠᠨ ᠢ ᠬᠠᠷᠠᠭᠤᠯᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠠᠭᠤᠷ ᠠᠮᠢᠰᠬᠤᠯ ᠵᠤᠬᠢᠴᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠵᠢᠯ ᠤᠨ ᠡᠭᠦᠷᠭᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯᠯᠠᠭᠠᠨ ᠤ ᠪᠦᠲᠦᠮᠵᠢᠲᠡᠶ ᠥᠷᠨᠢᠬᠦ ᠶᠢ ᠴᠢᠩᠭᠠᠳᠬᠠᠨ᠎ᠠ᠃ ᠠᠭᠤᠷ ᠠᠮᠢᠰᠬᠤᠯ ᠵᠤᠬᠢᠴᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠨ ᠥᠷᠨᠢᠭᠦᠯᠵᠦ᠂ ᠪᠥᠬᠦ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠬᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠭᠤᠷ ᠠᠮᠢᠰᠬᠤᠯ ᠤᠨ ᠬᠤᠪᠢᠷᠠᠯᠲᠠ ᠶᠢᠨ ᠠᠵᠢᠯᠯᠠᠭ᠎ᠠ ᠳᠤ ᠵᠣᠬᠢᠴᠠᠬᠤ ᠶᠢ ᠴᠢᠩᠭᠠᠷᠠᠭᠤᠯᠬᠤ᠂ ᠬᠤᠲᠠ ᠶᠢᠨ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ︽ᠬᠥᠬᠡᠬᠤᠲᠠ ᠶᠢᠨ ᠠᠭᠤᠷ ᠠᠮᠢᠰᠬᠤᠯ ᠵᠣᠬᠢᠴᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ ᠢ ᠲᠡᠭᠦᠯᠳᠡᠷᠵᠢᠭᠦᠯᠵᠦ᠂ ᠬᠥᠬᠡᠬᠤᠲᠠ ᠶᠢᠨ ᠠᠭᠤᠷ ᠠᠮᠢᠰᠬᠤᠯ ᠵᠣᠬᠢᠴᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠶᠡᠬᠡᠪᠡᠷ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ