ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠰᠤᠩᠭᠤᠨ ᠲᠤᠬᠢᠷᠠᠭᠤᠯᠬᠤ ᠰᠤᠷᠤᠬᠴᠢ ᠶᠢ ᠲᠣᠰᠬᠤᠨ ᠳᠤ ᠲᠣᠮᠢᠯᠠᠨ ᠠᠵᠢᠯᠯᠠᠭᠤᠯᠬᠤ ᠨᠥᠬᠦᠪᠥᠷᠢ ᠮᠥᠩᠭᠦ  315 ᠲᠦᠮᠡᠨ ᠲᠥᠭᠦᠷᠢᠭ ᠪᠠᠭᠤᠯᠭᠠᠵᠠᠢ
ᠨᠡᠶᠢᠲᠡᠯᠡᠭᠰᠡᠨ ᠴᠠᠭ᠄
2024/5/20
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢᠭᠡᠨᠲᠡ 2024 ᠣᠨ ᠤ ᠲᠥᠪ ᠤᠨ ᠵᠢᠴᠢ ᠥᠪᠡᠷᠲᠡᠭᠡᠨ ᠵᠠᠰᠠᠬᠤ ᠣᠷᠣᠨ ᠤ ᠰᠤᠩᠭᠤᠨ ᠲᠤᠬᠢᠷᠠᠭᠤᠯᠬᠤ ᠰᠤᠷᠤᠬᠴᠢ ᠶᠢ ᠲᠣᠰᠬᠤᠨ ᠳᠤ ᠲᠣᠮᠢᠯᠠᠨ ᠠᠵᠢᠯᠯᠠᠭᠤᠯᠬᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 315 ᠲᠦᠮᠡᠨ ᠲᠥᠭᠦᠷᠢᠭ ᠲᠤᠭ᠎ᠠ ᠶᠣᠰᠣᠭᠠᠷ ᠨᠢ ᠪᠠᠭᠤᠯᠭᠠᠵᠤ᠂ ᠭᠤᠤᠯᠳᠠᠭᠤ ᠰᠤᠩᠭᠤᠨ ᠲᠤᠬᠢᠷᠠᠭᠤᠯᠬᠤ ᠰᠤᠷᠤᠭᠴᠢ ᠶᠢᠨ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠬᠤᠭᠤᠴᠠᠭᠠᠨ ᠳᠠᠬᠢ ᠨᠢᠭᠡ ᠤᠳᠠᠭ᠎ᠠ ᠶᠢᠨ ᠴᠢᠨᠠᠷᠲᠠᠶ ᠲᠥᠪᠬᠢᠨᠡᠭᠦᠯᠬᠦ ᠵᠠᠷᠤᠳᠠᠯ᠂ ᠤᠯᠤᠰ ᠤᠨ ᠪᠠᠶᠢᠳᠠᠯ ᠤᠨ ᠪᠠᠶᠢᠴᠠᠭᠠᠯᠲᠠ ᠶᠢᠨ ᠵᠠᠷᠤᠳᠠᠯ᠂ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠵᠠᠷᠤᠳᠠᠯ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠷᠤᠳᠠᠯ ᠵᠡᠷᠭᠡ ᠵᠠᠷᠤᠯᠭ᠎ᠠ ᠳᠤ ᠬᠡᠷᠡᠭᠯᠡᠨ᠎ᠡ᠃      ᠰᠤᠩᠭᠤᠨ ᠲᠤᠬᠢᠷᠠᠭᠤᠯᠬᠤ ᠰᠤᠷᠤᠬᠴᠢ ᠶᠢ ᠲᠣᠰᠬᠤᠨ ᠳᠤ ᠬᠦᠷᠭᠡᠵᠦ ᠠᠵᠢᠯᠯᠠᠭᠤᠯᠬᠤ ᠪᠣᠯ ᠺᠠᠳ᠋ᠷ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠢᠳᠡᠪᠬᠢᠲᠡᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠠᠷᠤᠳᠠᠯ ᠢ ᠪᠠᠲᠤᠯᠠᠬᠤ᠂ ᠪᠡᠯᠡ ᠮᠥᠩᠭᠦ ᠳᠤ ᠬᠢᠨᠠᠯᠲᠠ ᠲᠠᠯᠪᠢᠬᠤ ᠵᠡᠷᠭᠡ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠢᠯᠡᠴᠢᠯᠡᠭᠡ ᠪᠠᠨ ᠴᠢᠩᠭᠠᠳᠬᠠᠵᠤ᠂ ᠮᠠᠨ ᠤ ᠬᠤᠲᠠ ᠶᠢᠨ ᠰᠤᠩᠭᠤᠨ ᠲᠤᠬᠢᠷᠠᠭᠤᠯᠬᠤ ᠰᠤᠷᠤᠭᠴᠢ ᠶᠢᠨ ᠲᠣᠰᠬᠤᠨ ᠳᠤ ᠤᠷᠤᠭᠰᠢᠲᠠᠶ ᠬᠦᠷᠴᠦ ᠲᠤᠰᠢᠶᠠᠯ ᠡᠭᠦᠷᠭᠡᠯᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠥᠬᠦᠪᠥᠷᠢ ᠪᠡᠯᠡ ᠮᠥᠩᠭᠦ ᠶᠢᠨ ᠵᠢᠷᠤᠮᠵᠢᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠦᠨᠡᠨ ᠰᠡᠳᠬᠢᠯᠭᠡ᠂ ᠮᠥᠩᠭᠦ ᠵᠤᠭᠤᠰ ᠢᠶᠠᠷ ᠰᠤᠩᠭᠤᠨ ᠲᠤᠬᠢᠷᠠᠭᠤᠯᠬᠤ ᠰᠤᠷᠤᠭᠴᠢ ᠶᠢᠨ ᠦᠨᠳᠦᠰᠦᠨ ᠱᠠᠲᠤᠨ ᠤ ᠦᠰᠦᠨ ᠪᠤᠶᠢᠵᠢᠯᠲᠠ ᠶᠢᠨ ᠰᠢᠮᠡᠯᠢᠭ ᠬᠥᠷᠥᠰᠥ ᠶᠢ ᠰᠠᠶᠢᠲᠤᠷ ᠪᠤᠶᠢᠵᠢᠭᠤᠯᠵᠤ᠂ ᠰᠤᠩᠭᠤᠨ ᠲᠤᠬᠢᠷᠠᠭᠤᠯᠬᠤ ᠰᠤᠷᠤᠭᠴᠢᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠰᠤᠩᠭᠤᠨ ᠲᠤᠬᠢᠷᠠᠭᠤᠯᠬᠤ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠯᠠᠨ ᠲᠦᠮᠡᠨ ᠳᠤ ᠦᠢᠯᠡᠴᠢᠯᠡᠵᠦ᠂ ᠡᠷᠳᠡᠮ ᠴᠢᠳᠠᠪᠤᠷᠢ ᠶᠢ ᠨᠢ ᠨᠡᠮᠡᠭᠳᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ