︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠢᠯᠠᠭᠠᠭᠰᠠᠨ ᠢᠶᠠᠷ᠂ | ᠥᠨᠥᠳᠥᠷ ᠠᠴᠠ ᠡᠬᠢᠯᠡᠨ᠂ ᠪᠦᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠢᠭᠤᠯᠤᠭᠰᠠᠨ ᠡᠮᠴᠢᠯᠡᠭᠡᠨ ᠤ ᠪᠠᠢᠭᠤᠯᠤᠮᠵᠢ ᠡᠭᠦᠳᠡᠨ | ᠡᠮᠨᠡᠯᠭᠡ ᠶᠢᠨ ︽ᠨᠢᠭᠡ ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠲᠤᠷᠰᠢᠨ ᠬᠡᠷᠡᠭᠵᠢᠭᠦᠯᠦᠨ᠎ᠡ᠃ | ᠣᠶᠢᠯᠠᠭᠠᠭᠰᠠᠨ ᠢᠶᠠᠷ᠂ ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠡᠲᠡᠭᠡᠳ ᠨᠢ ᠪᠥᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠠᠭᠲᠠᠨ᠎ᠠ︶ ᠪᠠᠶᠢᠵᠤ᠂ | ᠬᠤᠶᠠᠳᠤᠭᠠᠷ ᠳᠡᠰ ᠤᠨ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ᠃ ︽ᠨᠢᠭᠡ | ᠤᠳᠠᠭ᠎ᠠ ᠳ᠋ᠤᠭᠠᠷᠯᠠᠪᠠᠯ ᠭᠤᠷᠪᠠᠨ ᠡᠳᠦᠷ ᠬᠦᠴᠦᠨ ᠲᠠᠢ︾ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠳᠤ ᠡᠩ ᠤᠨ ᠡᠭᠦᠳᠡᠨ ᠡᠮᠨᠡᠯᠭᠡ᠂ ᠲᠤᠰᠬᠠᠶ | ᠮᠡᠷᠭᠡᠵᠢᠯᠲᠡᠨ ᠤ ᠡᠭᠦᠳᠡᠨ ᠡᠮᠨᠡᠯᠭᠡ ︵ᠣᠯᠠᠨ ᠰᠢᠨᠵᠢᠯᠡᠭᠡᠨ ᠤ ᠰᠠᠯᠠᠭ᠎ᠠ ᠶᠢᠨ ᠣᠨᠣᠰᠢᠯᠠᠨ ᠡᠮᠨᠡᠬᠦ ᠡᠭᠦᠳᠡᠨ ᠡᠮᠨᠡᠯᠭᠡ᠂ ᠣᠨᠴᠠ ᠬᠡᠷᠡᠭᠴᠡᠭᠡᠨ ᠤ ᠡᠭᠦᠳᠡᠨ ᠡᠮᠨᠡᠯᠭᠡ᠂ | ᠰᠠᠯᠠᠭ᠎ᠠ ᠲᠠᠰᠤᠭ ᠠᠯᠤᠰᠯᠠᠨ ᠲᠤᠰᠬᠠᠶ ᠮᠡᠷᠭᠡᠵᠢᠯ ᠠᠯᠤᠰᠯᠠᠨ ᠡᠪᠡᠳᠴᠢᠨ ᠦᠵᠡᠭᠦᠯᠬᠦ ᠶᠢ ᠪᠠᠭᠲᠠᠭᠠᠬᠤ ᠦᠭᠡᠢ︶ ᠶᠢᠨ ᠡᠪᠡᠳᠴᠢᠲᠡᠨ ᠳᠤ ᠡᠪᠡᠳᠴᠢᠨ | ᠦᠵᠡᠭᠦᠯᠦᠭᠰᠡᠨ ᠲᠤᠬᠠᠶ ᠶᠢᠨ ᠡᠳᠦᠷ ᠲᠤ ᠰᠢᠯᠭᠠᠨ ᠪᠠᠶᠢᠴᠠᠭᠠᠵᠤ᠂ ᠪᠠᠶᠢᠴᠠᠭᠠᠯᠲᠠ ᠬᠢᠵᠦ ᠳᠠᠭᠤᠰᠬᠠᠵᠤ ᠳᠡᠶᠢᠯᠬᠦ ᠥᠬᠡᠶ ᠪᠤᠶᠤ ᠮᠡᠳᠡᠭᠦᠯᠦᠯᠲᠡ ᠣᠯᠵᠤ ᠳᠡᠶᠢᠯᠬᠦ | ᠥᠬᠡᠶ ᠪᠠᠶᠢᠪᠠᠯ᠂ ᠭᠤᠷᠪᠠᠨ ᠡᠳᠦᠷ ᠤᠨ ᠳᠣᠲᠣᠷ᠎ᠠ ︵ᠠᠩᠬ᠎ᠠ ᠤᠳᠠᠭ᠎ᠠ ᠡᠮᠨᠡᠭᠦᠯᠦᠭᠰᠡᠨ ᠡᠳᠦᠷ ᠪᠠᠭᠲᠠᠨ᠎ᠠ︶᠂ ᠪᠠᠶᠢᠴᠠᠭᠠᠬᠤ᠂ ᠰᠢᠯᠭᠠᠨ ᠪᠠᠶᠢᠴᠠᠭᠠᠭᠰᠠᠨ ᠦᠷ᠎ᠡ | ᠳ᠋ᠦᠩ ᠢᠶᠠᠨ ᠠᠪᠴᠤ ᠠᠳᠠᠯᠢ ᠨᠢᠭᠡ ᠡᠮᠨᠡᠯᠭᠡ ᠶᠢᠨ ᠲᠣᠭᠤᠷᠢᠭ᠂ ᠠᠳᠠᠯᠢ ᠨᠢᠭᠡ ᠰᠠᠯᠠᠭ᠎ᠠ ᠲᠠᠰᠤᠭ ᠲᠤ ᠪᠤᠴᠠᠨ ︵ᠳᠠᠬᠢᠨ︶ ᠡᠮᠨᠡᠭᠦᠯᠬᠦ ᠦᠶ᠎ᠡ ᠳᠤ ᠡᠭᠦᠳᠡᠨ | ᠡᠮᠨᠡᠯᠭᠡ ᠶᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠵᠠᠷᠤᠳᠠᠯ︶ ᠲᠤᠰᠢᠶᠠᠬᠤ ᠠᠴᠠ ᠬᠡᠯᠲᠦᠷᠢᠭᠦᠯᠦᠨ᠎ᠡ᠃ ᠡᠪᠡᠳᠴᠢᠲᠡᠨ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠬᠠᠩᠭᠠᠭᠰᠠᠨ ᠡᠮᠨᠡᠬᠦ ᠲᠠᠰᠤᠯᠭ᠎ᠠ᠂ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠥᠪ᠂ ᠢᠨᠲ᠋ᠧᠷ ᠰᠦᠯᠵᠢᠶ᠎ᠡ ᠪᠠᠷ | ᠣᠨᠣᠰᠢᠯᠠᠨ ᠡᠮᠨᠡᠬᠦ ᠵᠡᠷᠭᠡ ᠣᠯᠠᠨ ᠵᠦᠢᠯ ᠤᠨ ᠪᠣᠯᠵᠣᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠤᠴᠠᠨ ︵ᠳᠠᠬᠢᠨ︶ ᠡᠮᠨᠡᠭᠦᠯᠬᠦ ᠳ᠋ᠤᠭᠠᠷ ᠣᠯᠵᠤ᠂ | ᠦᠷᠭᠦᠯᠵᠢᠯᠡᠨ ᠪᠦᠲᠦᠮᠵᠢᠲᠡᠶ ᠣᠨᠣᠰᠢᠯᠠᠨ ᠵᠠᠰᠠᠵᠤ ᠪᠣᠯᠤᠨ᠎ᠠ᠃ ᠬᠡᠷᠪᠡ ᠨᠢᠭᠡᠳᠦᠭᠡᠷ ᠤᠳᠠᠭᠠᠨ ᠤ ᠣᠨᠣᠰᠢᠯᠠᠨ ᠡᠮᠨᠡᠬᠦ ᠠᠵᠢᠯ ᠨᠢᠭᠡᠨᠲᠡ ᠳᠠᠭᠤᠰᠤᠭᠰᠠᠨ ᠪᠤᠯ᠂ | ᠳᠠᠬᠢᠨ ᠦᠷᠭᠦᠯᠵᠢᠯᠡᠨ ᠡᠮᠨᠡᠨ ᠵᠠᠰᠠᠬᠤ ᠳᠠᠭᠠᠨ ᠳᠠᠬᠢᠵᠤ ᠳ᠋ᠤᠭᠠᠷᠯᠠᠬᠤ ᠬᠡᠷᠡᠭᠲᠡᠶ᠃ |