ᠡᠨᠡ ᠵᠢᠯ ᠮᠠᠨ ᠤ ᠬᠤᠲᠠ ᠶᠢᠨ ᠤᠯᠤᠰ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ 31445 ᠬᠦᠷᠴᠡᠢ
ᠨᠡᠶᠢᠲᠡᠯᠡᠭᠰᠡᠨ ᠴᠠᠭ᠄
2024/5/21
      ︵ᠰᠤᠷᠪᠤᠯᠵᠢᠯᠠᠭᠴᠢ ᠮᠢᠶᠤᠤ ᠴᠢᠩ︶ 5 ᠳ᠋ᠤᠭᠠᠷ ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠮᠠᠨ ᠤ ᠬᠤᠲᠠ ᠶᠢᠨ ᠤᠯᠤᠰ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 31445 ᠪᠠᠶᠢᠵᠤ᠂ ᠨᠢᠳᠤᠨᠤᠨ ᠤ ᠬᠢ ᠠᠴᠠ 538 ᠬᠥᠮᠦᠨ ᠨᠡᠮᠡᠭᠳᠡᠵᠡᠶ᠃ ᠡᠭᠦᠨ ᠳᠤ᠂ ᠨᠢᠭᠡᠳᠦᠯᠲᠡᠶ ᠰᠢᠯᠭᠠᠯᠲᠠ ᠳᠤ ᠤᠷᠤᠯᠴᠠᠬᠤ ᠬᠥᠮᠦᠨ ᠤ ᠲᠤᠭ᠎ᠠ 23462 ᠪᠠᠶᠢᠨ᠎ᠠ᠃ ᠡᠨᠡ ᠵᠢᠯ ᠮᠠᠨ ᠤ ᠬᠤᠲᠠ ᠳᠤ ᠨᠡᠶᠢᠲᠡ 9 ᠰᠢᠯᠭᠠᠯᠲᠠ ᠶᠢᠨ ᠲᠣᠭᠤᠷᠢᠭ᠂ 26 ᠰᠢᠯᠭᠠᠯᠲᠠ ᠶᠢᠨ ᠴᠡᠭ᠂ 804 ᠰᠢᠯᠭᠠᠯᠲᠠ ᠶᠢᠨ ᠲᠠᠯᠠᠪᠠᠶ ᠭᠠᠷᠭᠠᠵᠠᠶ᠃      ᠣᠶᠢᠯᠠᠭᠠᠭᠰᠠᠨ ᠢᠶᠠᠷ᠂ ᠡᠨᠡ ᠵᠢᠯ ᠬᠤᠲᠠ ᠶᠢᠨ ᠳᠥᠷᠪᠡᠨ ᠲᠣᠭᠤᠷᠢᠭ ᠲᠤ 20 ᠰᠢᠯᠭᠠᠯᠲᠠ ᠶᠢᠨ ᠴᠡᠭ ᠭᠠᠷᠭᠠᠵᠤ᠂ ᠰᠢᠯᠭᠠᠯᠲᠠ ᠳᠤ ᠤᠷᠤᠯᠴᠠᠬᠤ ᠬᠥᠮᠦᠨ ᠤ ᠲᠤᠭ᠎ᠠ ᠨᠢ 17758 ᠬᠥᠮᠦᠨ︔ ᠬᠤᠰᠢᠭᠤ ᠰᠢᠶᠠᠨ ᠳᠤ 6 ᠰᠢᠯᠭᠠᠯᠲᠠ ᠶᠢᠨ ᠴᠡᠭ ᠭᠠᠷᠭᠠᠵᠤ᠂ ᠰᠢᠯᠭᠠᠯᠲᠠ ᠳᠤ ᠤᠷᠤᠯᠴᠠᠬᠤ ᠬᠥᠮᠦᠨ ᠤ ᠲᠤᠭ᠎ᠠ ᠨᠢ 5704 ᠪᠣᠯᠤᠨ᠎ᠠ᠃ ᠪᠣᠳᠠᠲᠠᠶ ᠰᠢᠯᠭᠠᠯᠲᠠ ᠶᠢᠨ ᠲᠣᠭᠤᠷᠢᠭ ᠵᠢᠴᠢ ᠰᠢᠯᠭᠠᠯᠲᠠ ᠶᠢᠨ ᠴᠡᠭ ᠄ ᠰᠢᠨ᠎ᠡ ᠬᠤᠲᠠ ᠲᠣᠭᠤᠷᠢᠭ ᠤᠨ ᠰᠢᠯᠭᠠᠯᠲᠠ ᠶᠢᠨ ᠲᠣᠭᠤᠷᠢᠭ ᠲᠤ 6 ᠰᠢᠯᠭᠠᠯᠲᠠ ᠶᠢᠨ ᠴᠡᠭ ᠭᠠᠷᠭᠠᠵᠤ᠂ ᠲᠣᠰ ᠲᠣᠰ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠭᠤᠴᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠭᠤᠴᠢᠨ ᠨᠠᠢᠮᠠᠳᠤᠭᠠᠷ ᠳᠤᠮᠳᠠᠳᠤ ᠰᠤᠷᠭᠠᠭᠤᠯᠢ ᠪᠤᠯᠤᠨ᠎ᠠ︔ ᠬᠤᠲᠣᠩ ᠠᠷᠠᠳ ᠤᠨ ᠲᠣᠭᠤᠷᠢᠭ ᠤᠨ ᠰᠢᠯᠭᠠᠯᠲᠠ ᠶᠢᠨ ᠲᠣᠭᠤᠷᠢᠭ ᠲᠤ 6 ᠰᠢᠯᠭᠠᠯᠲᠠ ᠶᠢᠨ ᠴᠡᠭ ᠭᠠᠷᠭᠠᠵᠤ᠂ ᠲᠣᠰ ᠲᠣᠰ ᠬᠥᠬᠡᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠲᠣᠩ ᠠᠷᠠᠳ ᠤᠨ ᠳᠤᠮᠳᠠᠳᠤ ᠰᠤᠷᠭᠠᠭᠤᠯᠢ ᠪᠣᠯᠤᠨ᠎ᠠ︔ ᠢᠦᠶ ᠴᠢᠤᠸᠠᠨ ᠲᠣᠭᠤᠷᠢᠭ ᠤᠨ ᠰᠢᠯᠭᠠᠯᠲᠠ ᠶᠢᠨ ᠲᠣᠭᠤᠷᠢᠭ ᠲᠤ 3 ᠰᠢᠯᠭᠠᠯᠲᠠ ᠶᠢᠨ ᠴᠡᠭ ᠲᠣᠬᠢᠷᠠᠭᠤᠯᠵᠤ᠂ ᠲᠣᠰ ᠲᠣᠰ ᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ ᠪᠣᠯᠤᠨ᠎ᠠ︔ ᠰᠠᠶᠢᠬᠠᠨ ᠲᠣᠭᠤᠷᠢᠭ ᠤᠨ ᠰᠢᠯᠭᠠᠯᠲᠠ ᠶᠢᠨ ᠲᠣᠭᠤᠷᠢᠭ ᠲᠤ 5 ᠰᠢᠯᠭᠠᠯᠲᠠ ᠶᠢᠨ ᠴᠡᠭ ᠲᠣᠬᠢᠷᠠᠭᠤᠯᠵᠤ᠂ ᠲᠣᠰ ᠲᠣᠰ ᠬᠥᠬᠡᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠦᠨᠳᠦᠰᠦᠲᠡᠨ ᠤ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ᠂ ᠬᠥᠬᠡᠬᠤᠲᠠ ᠶᠢᠨ ᠬᠤᠷᠢ ᠶᠢᠰᠦᠳᠦᠭᠡᠷ ᠳᠤᠮᠳᠠᠳᠤ ᠰᠤᠷᠭᠠᠭᠤᠯᠢ ᠪᠣᠯᠤᠨ᠎ᠠ︔ ᠲᠦᠮᠡᠳ ᠵᠡᠭᠦᠨ ᠬᠤᠰᠢᠭᠤᠨ ᠤ ᠰᠢᠯᠭᠠᠯᠲᠠ ᠶᠢᠨ ᠲᠣᠭᠤᠷᠢᠭ ᠲᠤ ᠲᠦᠮᠡᠳ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠲᠦᠮᠡᠳ ᠵᠡᠭᠦᠨ ᠬᠤᠰᠢᠭᠤᠨ ᠤ  ᠦᠨᠳᠦᠰᠦᠲᠡᠨ ᠤ ᠳᠤᠮᠳᠠᠳᠤ ᠰᠤᠷᠭᠠᠭᠤᠯᠢ ᠵᠡᠷᠭᠡ 2 ᠰᠢᠯᠭᠠᠯᠲᠠ ᠶᠢᠨ ᠴᠡᠭ ᠭᠠᠷᠭᠠᠨ᠎ᠠ︔ ᠬᠤᠷᠢᠨᠭᠡᠷ ᠰᠢᠶᠠᠨ᠂ ᠲᠤᠭᠲᠠᠬᠤ ᠰᠢᠶᠠᠨ᠂ ᠦᠴᠦᠸᠠᠨ ᠰᠢᠶᠠᠨ᠂ ᠴᠢᠩ ᠱᠦᠢ ᠾᠧ ᠰᠢᠶᠠᠨ ᠤ ᠰᠢᠯᠭᠠᠯᠲᠠ ᠶᠢᠨ ᠲᠣᠭᠤᠷᠢᠭ ᠲᠤ ᠲᠤᠰᠪᠦᠷᠢ 1 ᠰᠢᠯᠭᠠᠯᠲᠠ ᠶᠢᠨ ᠴᠡᠭ ᠭᠠᠷᠭᠠᠵᠤ᠂ ᠲᠤᠰ ᠲᠤᠰ ᠬᠤᠷᠢᠨᠭᠡᠷ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠨᠳᠦᠷ ᠳᠤᠮᠳᠠᠳᠤ ᠶᠢᠨ ᠬᠡᠰᠡᠭ᠂ ᠲᠤᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠴᠢᠩ ᠱᠦᠢ ᠾᠧ ᠰᠢᠶᠠᠨ ᠤ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠤᠯᠤᠨ᠎ᠠ᠃      ᠣᠶᠢᠯᠠᠭᠠᠭᠰᠠᠨ ᠢᠶᠠᠷ᠂ ᠡᠨᠡ ᠵᠢᠯ ᠤᠨ ᠤᠯᠤᠰ ᠤᠨ ᠰᠢᠯᠭᠠᠯᠲᠠ ᠶᠢᠨ ᠴᠠᠭ ᠨᠢ 6 ᠳ᠋ᠤᠭᠠᠷ ᠰᠠᠷ᠎ᠠ ᠶᠢᠨ 7 ᠤ ᠡᠳᠦᠷ᠂ 8 ᠤ ᠡᠳᠦᠷ ᠬᠤᠶᠠᠷ ᠡᠳᠦᠷ ᠪᠠᠶᠢᠵᠤ᠂ 6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ ᠮᠣᠩᠭᠤᠯ ᠬᠡᠯᠡ ᠪᠢᠴᠢᠭ ︵ᠬᠥᠬᠡᠭᠴᠢᠨ︶ ᠤᠨ ᠬᠢᠴᠢᠶᠡᠯ ᠲᠥᠷᠥᠯ ᠢ ᠬᠠᠰᠤᠪᠠ᠃ ᠣᠳᠣᠬᠠᠨ ᠳᠤ᠂ ᠮᠠᠨ ᠤ ᠬᠤᠲᠠ ᠶᠢᠨ ᠤᠯᠤᠰ ᠤᠨ ᠰᠢᠯᠭᠠᠯᠲᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ