ᠭᠦᠭᠡᠬᠤᠲᠠ ᠭᠤᠷᠪᠠᠳᠤᠭᠠᠷ ᠪᠦᠯᠦᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠢ ᠲᠣᠭᠲᠠᠭᠠᠪᠠ
ᠨᠡᠶᠢᠲᠡᠯᠡᠭᠰᠡᠨ ᠴᠠᠭ᠄
2024/5/22
      ᠰᠤᠷᠪᠤᠯᠵᠢᠯᠠᠬᠴᠢ ᠭᠦᠭᠡᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂︽ᠭᠦᠭᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠤ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠲᠠᠨᠢᠯᠴᠠᠭᠤᠯᠬᠤ᠂ ᠠᠩᠬ᠎ᠠ ᠰᠢᠯᠭᠠᠬᠤ᠂ ᠶᠡᠷᠦᠩᠬᠡᠶᠢᠯᠡᠨ ᠦᠨᠡᠯᠡᠬᠦ ᠵᠡᠷᠭᠡ ᠭᠤᠭᠴᠤᠭ᠎ᠠ ᠪᠠᠷ ᠳᠡᠮᠵᠢᠨ᠂ ᠭᠦᠭᠡᠬᠤᠲᠠ ᠶᠢᠨ ᠮᠦᠽᠧᠢ᠂ ᠴᠢᠩ ᠱᠦᠢ ᠾᠧ ᠰᠢᠶᠠᠨ ᠤ ᠯᠤᠤ ᠨᠢᠦ ᠫᠥᠸᠧ ᠰᠤᠳᠤᠯᠤᠨ ᠰᠤᠷᠤᠯᠴᠠᠬᠤ ᠲᠥᠪ ᠵᠡᠷᠭᠡ 10 ᠨᠢᠭᠡᠴᠢ ᠳᠤ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ︾ ᠤ ᠴᠣᠯᠠ ᠣᠯᠭᠤᠪᠠ᠃      ᠲᠠᠨᠢᠯᠴᠠᠭᠤᠯᠤᠭᠰᠠᠨ ᠢᠶᠠᠷ᠂  ᠣᠳᠣᠬᠠᠨ ᠪᠤᠯᠲᠠᠯ᠎ᠠ᠂  ᠭᠦᠭᠡᠬᠤᠳᠠ ᠬᠤᠳᠠ ᠶᠢᠨ ᠲᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠢ 28 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠢ ᠨᠡᠶᠢᠳᠡ 8 ᠪᠠᠶᠢᠭᠤᠯᠪᠠ᠃      ᠣᠶᠢᠯᠠᠭᠠᠭᠰᠠᠨ ᠢᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠰᠠᠶᠢᠲᠤᠷ ᠬᠢᠬᠦ ᠳᠤ ᠡᠯ᠎ᠡ ᠬᠥᠮᠦᠵᠢᠯ ᠦᠢᠯᠡᠳᠦᠯᠭᠡ ᠶᠢᠨ ᠰᠠᠭᠤᠷᠢᠨ ᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠭᠦᠭᠡᠬᠤᠲᠠ︽ᠭᠦᠭᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠬᠤᠪᠢᠰᠬᠠᠯ ᠤᠨ ᠲᠡᠦᠬᠡ ᠳᠤᠷᠠᠰᠬᠠᠯ ᠤᠨ ᠲᠥᠷᠥᠯ᠂ ᠰᠢᠨᠵᠢᠯᠡᠬᠦ ᠤᠬᠠᠭᠠᠨ ᠰᠤᠳᠤᠯᠭᠠᠨ ᠰᠤᠷᠭᠠᠨ ᠬᠥᠮᠦᠵᠢᠯ ᠰᠣᠶᠣᠯ ᠮᠦᠽᠧᠢ ᠶᠢᠨ ᠲᠥᠷᠥᠯ᠂ ᠵᠢᠭᠤᠯᠴᠢᠯᠠᠯ  ᠦᠵᠡᠮᠵᠢ ᠶᠢᠨ ᠣᠷᠣᠨ ᠦᠵᠡᠮᠦᠷᠢ ᠶᠢᠨ ᠴᠡᠭ ᠤᠨ ᠲᠥᠷᠥᠯ᠂ ᠵᠢᠱᠢᠶ᠎ᠡ ᠦᠵᠡᠭᠦᠯᠭᠦ ᠨᠢᠭᠡᠴᠢ ᠶᠢ ᠡᠭᠦᠳᠦᠨ ᠪᠠᠶᠢᠭᠤᠯᠬᠤ ᠲᠥᠷᠥᠯ ᠵᠡᠷᠭᠡ 6 ᠲᠥᠷᠥᠯ ᠤᠨ ᠠᠳᠠᠯᠢ ᠪᠤᠰᠤ ᠣᠨᠴᠠᠯᠢᠭ ᠲᠠᠢ ᠬᠥᠮᠦᠵᠢᠯ ᠦᠢᠯᠡᠳᠦᠯᠭᠡ ᠶᠢᠨ ᠰᠠᠭᠤᠷᠢᠨ ᠢ ᠲᠥᠷᠥᠯ ᠬᠤᠪᠢᠶᠠᠨ ᠪᠦᠲᠦᠭᠡᠨ ᠪᠠᠶᠢᠭᠤᠯᠪᠠ᠃      2023 ᠣᠨ ᠳᠤ ᠭᠦᠭᠡᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠤ︽ᠠᠷᠪᠠᠨ ᠣᠷᠳᠣᠨ ᠬᠤᠯᠪᠤᠭᠠᠯᠠᠨ ᠬᠥᠳᠡᠯᠦᠯᠴᠡᠬᠦ· ᠨᠢᠭᠡ ᠰᠠᠭᠤᠷᠢᠨ ᠨᠢᠭᠡ ᠭᠤᠣᠯ ᠰᠡᠳᠦᠪᠲᠦ︾ᠠᠵᠢᠯᠯᠠᠭ᠎ᠠ ᠥᠷᠨᠢᠭᠦᠯᠵᠦ᠂ ᠡᠯ᠎ᠡ ᠰᠠᠭᠤᠷᠢᠨ ᠨᠢ ᠲᠣᠰ ᠲᠣᠰ ᠤᠨ ᠭᠤᠣᠯ ᠰᠡᠳᠦᠪᠲᠦ ᠦᠵᠡᠭᠦᠯᠭᠡ ᠶᠢᠨ ᠲᠠᠯᠠᠪᠤᠷ ᠲᠤ ᠲᠦᠰᠢᠭᠯᠡᠨ︽ᠳᠤᠮᠳᠠᠳᠤ ᠶᠢᠨ ᠰᠣᠶᠣᠯ ᠤᠨ ᠤᠯᠠᠮᠵᠢᠯᠠᠯ︾ ︽ᠤᠮᠠᠷᠠᠲᠤ ᠬᠢᠯᠢ ᠶᠢᠨ ᠰᠢᠨ᠎ᠡ ᠴᠠᠭ ᠦᠶ᠎ᠡ ᠶᠢᠨ ᠶᠠᠷᠢᠯᠴᠠᠭ᠎ᠠ︾᠂︽ᠤᠮᠠᠷᠠᠲᠤ ᠬᠢᠯᠢ ᠶᠢᠨ ᠰᠣᠶᠣᠯ︾ ᠤᠨ ᠦᠵᠡᠭᠦᠯᠭᠡ ᠶᠢᠨ ᠬᠦᠷᠢᠶᠡᠯᠡᠩ ᠬᠢᠴᠢᠶᠡᠯ ᠤᠨ ᠲᠠᠩᠬᠢᠮ ᠵᠡᠷᠭᠡ ᠪᠠᠶᠠᠯᠢᠭ ᠰᠠᠶᠢᠬᠠᠨ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢ ᠮᠢᠩᠭ᠎ᠠ ᠭᠠᠷᠤᠢ ᠲᠠᠯᠠᠪᠠᠢ ᠭᠠᠷᠭᠠᠵᠤ᠂ ᠲᠡᠦᠬᠡ ᠪᠠ ᠳᠡᠯᠭᠡᠨ ᠦᠵᠡᠭᠦᠯᠭᠡ ᠶᠢ︽ᠠᠮᠢᠯᠠᠭᠤᠯᠵᠤ︾᠂ ᠳᠤᠮᠳᠠᠳᠤ ᠶᠢᠨ ᠦᠨᠳᠦᠰᠦᠲᠡᠨ ᠤ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠶᠡᠭᠡ ᠪᠠᠷ ᠤᠬᠠᠭᠤᠯᠤᠨ ᠲᠠᠨᠢᠯᠴᠠᠭᠤᠯᠵᠤ᠂ ︽ᠲᠠᠪᠤᠨ ᠬᠠᠮᠲᠤ ᠶᠢᠨ ᠲᠠᠨᠢᠯᠲᠠ︾ ᠶᠢ ᠨᠡᠮᠡᠭᠳᠡᠭᠦᠯᠪᠡ᠃      ᠡᠭᠦᠨ ᠤ ᠬᠠᠮᠲᠤ᠂ ᠭᠦᠭᠡᠬᠤᠲᠠ ᠶᠢᠨ ᠬᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠤ ᠬᠠᠮᠲᠤᠷᠠᠯᠴᠠᠭᠠᠨ ᠤ ᠬᠤᠯᠪᠤᠭ᠎ᠠ ᠶᠢᠨ ᠠᠵᠢᠯ ᠤᠨ ᠵᠠᠭᠪᠤᠷ ᠢ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠠᠢ᠃  ᠥᠪᠥᠷ ᠮᠣᠩᠭᠤᠯ ᠤᠨ ᠮᠦᠽᠧᠢ᠂ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠵᠡᠷᠭᠡ ᠣᠷᠳᠣᠨ ᠲᠠᠯᠠᠪᠠᠢ ᠨᠢ ᠭᠦᠭᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠤ ᠬᠠᠮᠲᠤᠷᠠᠯᠴᠠᠭᠠᠨ ᠤ ᠬᠤᠯᠪᠤᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠰᠠᠭᠤᠷᠢᠨ ᠤ ᠬᠤᠯᠪᠤᠭ᠎ᠠ ᠪᠠᠶᠢᠭᠤᠯᠵᠤ᠂ ᠡᠯ᠎ᠡ ᠲᠥᠷᠥᠯ ᠤᠨ ᠰᠠᠭᠤᠷᠢᠨ ᠤ ᠳᠡᠯᠭᠡᠨ ᠦᠵᠡᠭᠦᠯᠭᠦ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂︽ᠭᠤᠣᠯ ᠱᠤᠭᠤᠮ ᠢ ᠳᠣᠪᠤᠶᠢᠯᠭᠠᠬᠤ᠂ ᠣᠯᠠᠨ ᠣᠷᠳᠣᠨ ᠬᠤᠯᠪᠤᠭᠠᠯᠠᠨ ᠬᠥᠳᠡᠯᠦᠯᠴᠡᠬᠦ᠂ ᠨᠡᠷᠡᠲᠦ ᠲᠡᠮᠳᠡᠭᠲᠦ ᠶᠢ ᠡᠭᠦᠳᠬᠦ︾ ᠬᠠᠮᠲᠤ ᠶᠢᠨ ᠲᠠᠨᠢᠯᠲᠠ ᠶᠢ ᠪᠤᠢ ᠪᠤᠯᠭᠠᠵᠦ᠂ ᠰᠠᠭᠤᠷᠢᠨ ᠤ ᠰᠣᠶᠣᠯ ᠵᠢᠭᠤᠯᠴᠢᠯᠠᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠂ ᠰᠠᠭᠤᠷᠢᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ