ᠵᠣᠨ ᠤ ᠰᠠᠶᠢᠬᠠᠨ ᠬᠠᠪᠤ ᠴᠡᠩᠭᠡᠯᠲᠦ ᠠᠮᠢᠳᠤᠷᠠᠯ
ᠨᠡᠶᠢᠲᠡᠯᠡᠭᠰᠡᠨ ᠴᠠᠭ᠄
2024/5/22
转发0522.png     
      ᠣᠶᠢᠷ᠎ᠠ ᠶᠢᠨ ᠵᠢᠯ ᠤᠳ ᠲᠤ᠂ ᠭᠦᠭᠡᠬᠤᠲᠠ ᠶᠡᠭᠡ ᠲᠦᠷᠭᠡᠨ ᠭᠤᠣᠯ ᠤᠨ ᠡᠷᠭᠢ ᠳᠠᠭᠠᠤ ᠶᠢᠨ ᠠᠮᠢ ᠠᠬᠤᠢ ᠶᠢᠨ ᠥᠩᠭᠡ ᠦᠵᠡᠮᠵᠢ ᠶᠢ ᠵᠠᠰᠠᠨ ᠰᠡᠷᠭᠦᠭᠡᠵᠦ ᠳᠠᠭᠢᠨ ᠴᠣᠭᠴᠠᠯᠠᠨ᠂ ᠠᠮᠢ ᠠᠬᠤᠢ ᠶᠢᠨ ᠤᠤᠯ ᠲᠥᠷᠬᠦ ᠶᠢ ᠬᠠᠳᠠᠭᠠᠯᠠᠬᠤ᠂ ᠦᠵᠡᠮᠵᠢ ᠶᠢ ᠨᠣᠭᠤᠭᠠᠷᠠᠭᠤᠯᠬᠤ᠂ ᠰᠡᠯᠡᠭᠦᠴᠡᠨ ᠵᠢᠭᠤᠯᠴᠢᠯᠠᠬᠤ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠠᠮᠢ ᠠᠬᠤᠢ ᠶᠢᠨ ᠣᠷᠣᠨ ᠵᠠᠢ ᠶᠢ ᠪᠤᠶ ᠪᠤᠯᠭᠠᠵᠤ᠂ ᠬᠡᠭᠡᠷ᠎ᠡ ᠪᠠᠭᠤᠳᠠᠯᠯᠠᠬᠤ ᠠᠵᠤ ᠠᠬᠤᠢ ᠶᠢ ᠶᠡᠭᠡ ᠪᠠᠷ ᠬᠥᠭᠵᠢᠭᠦᠯᠪᠡ᠃ ᠡᠳᠦᠭᠡ ᠶᠡᠭᠡ ᠲᠦᠷᠭᠡᠨ ᠭᠤᠣᠯ ᠤᠨ ᠡᠷᠭᠢ ᠳᠠᠭᠠᠤ ᠤᠢ ᠮᠣᠳᠣ ᠬᠥᠬᠡᠷᠡᠨ ᠨᠣᠭᠤᠭᠠᠷᠠᠵᠤ᠂ ᠭᠠᠵᠠᠷ ᠪᠣᠯᠭᠠᠨ ᠳᠤ ᠦᠵᠡᠰᠬᠦᠯᠡᠩᠲᠦ ᠰᠠᠶᠢᠬᠠᠨ ᠦᠵᠡᠮᠵᠢ ᠲᠠᠢ ᠪᠣᠯᠵᠤ᠂ ᠰᠠᠭᠤᠭᠠᠯᠢ ᠠᠷᠠᠳ ᠤᠨ ᠰᠡᠯᠡᠭᠦᠴᠡᠵᠦ ᠪᠡᠶ᠎ᠡ ᠪᠠᠨ ᠪᠣᠯᠪᠠᠰᠤᠷᠠᠬᠤ ᠬᠠᠯᠠᠮᠰᠢᠯ ᠭᠠᠵᠠᠷ ᠪᠣᠯᠵᠠᠢ᠃ ᠵᠢᠷᠤᠭ ᠪᠣᠯ 5 ᠰᠠᠷ᠎ᠠ ᠶᠢᠨ 20 ᠤ ᠡᠳᠦᠷ᠂ ᠬᠤᠲᠠ ᠶᠢᠨ ᠠᠷᠠᠳ ᠭᠦᠭᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠲᠦᠷᠭᠡᠨ ᠭᠤᠣᠯ ᠤᠨ ᠬᠤᠶᠢᠲᠤ ᠡᠷᠭᠢ ᠶᠢᠨ ︽ᠴᠡᠴᠡᠭ ᠤᠨ ᠲᠡᠯᠡᠶ︾ ᠬᠡᠭᠡᠷ᠎ᠡ ᠪᠠᠭᠤᠳᠠᠯᠯᠠᠬᠤ ᠭᠠᠵᠠᠷ ᠲᠤ ᠬᠤᠸᠠᠷ ᠫᠤᠤᠵᠢᠩ ᠰᠣᠨᠢᠷᠬᠠᠵᠤ᠂ ᠵᠣᠨ ᠤ ᠰᠠᠶᠢᠬᠠᠨ ᠬᠠᠪᠤ ᠴᠡᠩᠭᠡᠯᠲᠦ ᠠᠮᠢᠳᠤᠷᠠᠯ ᠢ ᠡᠳ᠋ᠯᠡᠵᠦ ᠪᠠᠶᠢᠭ᠎ᠠ ᠨᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ