4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ  67184.55 ᠲᠦᠮᠡᠨ ᠲᠥᠭᠦᠷᠢᠭ ᠤᠨ ᠨᠥᠬᠦᠪᠥᠷᠢ ᠪᠡᠯᠡ ᠮᠥᠩᠭᠦ ᠤᠯᠭᠤᠪᠠ
ᠨᠡᠶᠢᠲᠡᠯᠡᠭᠰᠡᠨ ᠴᠠᠭ᠄
2024/5/23
       ︵ᠰᠤᠷᠪᠤᠯᠵᠢᠯᠠᠭᠴᠢ ᠰᠦᠩ ᠰᠢᠶᠠᠩ ᠬᠤᠸᠠ︶ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 67184.55 ᠲᠦᠮᠡᠨ ᠲᠥᠭᠦᠷᠢᠭ ᠤᠨ ᠨᠥᠬᠦᠪᠥᠷᠢ ᠮᠥᠩᠭᠦ ᠤᠯᠭᠤᠪᠠ᠂ ᠡᠭᠦᠨ ᠳᠤ ᠲᠠᠷᠢᠶᠠᠴᠢᠳ ᠤᠨ ᠨᠥᠬᠦᠪᠥᠷᠢ ᠪᠡᠯᠡ ᠮᠥᠩᠭᠦ 62770.64 ᠲᠦᠮᠡᠨ ᠲᠥᠭᠦᠷᠢᠭ᠂ 93.43% ᠶᠢ ᠡᠵᠡᠯᠡᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠡᠯᠡ ᠮᠥᠩᠭᠦ 4413.92 ᠲᠦᠮᠡᠨ ᠲᠥᠭᠦᠷᠢᠭ᠂ 6.57% ᠶᠢ ᠡᠵᠡᠯᠡᠨ᠎ᠡ᠃ ᠨᠥᠬᠦᠪᠥᠷᠢ ᠮᠥᠩᠭᠦ ᠤᠯᠭᠤᠭᠰᠠᠨ ᠲᠦᠷᠦᠯ ᠵᠦᠢᠯ ᠨᠢ  ᠨᠡᠶᠢᠲᠡ 8 ᠬᠦᠷᠢᠶᠡᠨ ᠤ 48 ᠲᠥᠷᠥᠯ 57 ᠵᠦᠢᠯ ᠢ ᠪᠠᠭᠲᠠᠭᠠᠪᠠ᠃      ᠣᠯᠭᠤᠭᠰᠠᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ᠳᠣᠲᠣᠷ᠎ᠠ᠂ ᠣᠯᠭᠤᠭᠰᠠᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠳᠤ ᠭᠤᠤᠯᠳᠠᠭᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ᠂ ᠣᠶ ᠰᠢᠭᠤᠶ ᠶᠢᠨ ᠲᠥᠷᠥᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠠᠪᠤᠨ ᠶᠡᠭᠡ ᠲᠥᠷᠥᠯ ᠤᠨ ᠨᠥᠬᠦᠪᠥᠷᠢ ᠶᠢᠨ ᠪᠠᠯᠠ ᠮᠥᠩᠭᠦ ᠪᠠᠭᠲᠠᠨ᠎ᠠ᠃ ᠡᠭᠦᠨ ᠳᠤ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠶᠢᠨ ᠪᠡᠯᠡ ᠮᠥᠩᠭᠦ 45193.48 ᠲᠦᠮᠡᠨ ᠲᠥᠭᠦᠷᠢᠭ᠂ 67.27% ᠶᠢ ᠡᠵᠡᠯᠡᠨ᠎ᠡ︔ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠤᠨ ᠨᠥᠬᠦᠪᠥᠷᠢ ᠶᠢᠨ ᠪᠡᠯᠡ ᠮᠥᠩᠭᠦ 6952.48 ᠲᠦᠮᠡᠨ ᠲᠥᠭᠦᠷᠢᠭ᠂ 10.35% ᠶᠢ ᠡᠵᠡᠯᠡᠨ᠎ᠡ︔ ᠣᠶ ᠰᠢᠭᠤᠶ ᠶᠢᠨ ᠲᠥᠷᠥᠯ ᠤᠨ ᠨᠥᠬᠦᠪᠥᠷᠢ ᠶᠢᠨ ᠪᠡᠯᠡ ᠮᠥᠩᠭᠦ 4773.04 ᠲᠦᠮᠡᠨ ᠲᠥᠭᠦᠷᠢᠭ᠂ 7.1% ᠶᠢ ᠡᠵᠡᠯᠡᠨ᠎ᠡ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠳᠤ 3613.27 ᠲᠦᠮᠡᠨ ᠲᠥᠭᠦᠷᠢᠭ᠂ 5.38% ᠶᠢ ᠡᠵᠡᠯᠡᠨ᠎ᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠶᠢᠨ ᠪᠡᠯᠡ ᠮᠥᠩᠭᠦ 3392.69 ᠲᠦᠮᠡᠨ ᠲᠥᠭᠦᠷᠢᠭ᠂ 5.05% ᠶᠢ ᠡᠵᠡᠯᠡᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ