ᠠᠲ᠋ᠧᠰ ᠤᠨ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠣᠯᠣᠳᠤᠭᠠᠷ ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠨ᠎ᠠ
ᠨᠡᠶᠢᠲᠡᠯᠡᠭᠰᠡᠨ ᠴᠠᠭ᠄
2024/5/24
69093af1-7aff-403f-a9d8-d23f6d9ad069.jpg
      5 ᠳ᠋ᠤᠭᠠᠷ ᠰᠠᠷ᠎ᠠ ᠶᠢᠨ 23  ᠤ ᠡᠳᠦᠷ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠨᠤᠲᠤᠭᠰᠢᠭᠰᠠᠨ ᠠᠲ᠋ᠧᠰ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠲᠤᠰ ᠲᠥᠷᠥᠯ ᠵᠦᠢᠯ 7 ᠳ᠋ᠤᠭᠠᠷ ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠬᠤ ᠪᠣᠯᠣᠨ᠎ᠠ᠃      ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠬᠤᠯᠠ ᠶᠡᠭᠡ ᠲᠦᠷᠦᠯ ᠵᠦᠢᠯ ᠪᠣᠯᠣᠭᠰᠠᠨ ᠠᠲ᠋ᠧᠰ ᠤᠨ ᠲᠦᠷᠦᠯ ᠵᠦᠢᠯ 2023 ᠣᠨ ᠤ 7 ᠳ᠋ᠤᠭᠠᠷ ᠰᠠᠷ᠎ᠠ ᠶᠢᠨ 16 ᠤ ᠡᠳᠦᠷ ᠭᠡᠷ᠎ᠡ ᠲᠣᠭᠲᠠᠵᠤ᠂ 8 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ ᠪᠦᠲᠦᠭᠡᠨ ᠪᠠᠶᠢᠭᠤᠯᠵᠠᠢ᠃ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠡᠯ᠎ᠡ ᠭᠤᠭᠴᠤᠭ᠎ᠠ ᠶᠢ ᠨᠢᠭᠲᠠ ᠵᠣᠯᠭᠠᠭᠤᠯᠵᠤ᠂ ᠰᠠᠯᠠᠭ᠎ᠠ ᠮᠥᠴᠢᠷ ᠬᠠᠮᠲᠤᠷᠠᠯᠴᠠᠨ ᠡᠪᠡᠷᠰᠢᠶᠡᠯ ᠢ ᠰᠢᠪᠲᠤᠯᠵᠤ᠂ ︽ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠷᠳᠤᠴᠠ︾ ᠶᠢ ᠬᠠᠷᠠᠭᠤᠯᠪᠠ᠃ ᠰᠤᠷᠪᠤᠯᠵᠢᠯᠠᠭᠴᠢ ᠰᠦᠩ ᠰᠢᠶᠠᠩ ᠬᠤᠸᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ