ᠮᠠᠨ ᠤ ᠬᠤᠲᠠ ᠡᠨᠡ ᠵᠢᠯ 241 ᠨᠢᠭᠡᠴᠢ ᠳᠤ 3000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠱᠠᠩᠨᠠᠯ ᠤᠨ ᠮᠥᠩᠭᠦ ᠣᠯᠭᠤᠬᠤ ᠪᠠᠷ ᠪᠣᠶ
ᠨᠡᠶᠢᠲᠡᠯᠡᠭᠰᠡᠨ ᠴᠠᠭ᠄
2024/5/27
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠵᠠᠩ ᠴᠥᠩ ᠴᠢᠩ︶ 5 ᠳ᠋ᠤᠭᠠᠷ ᠰᠠᠷ᠎ᠠ ᠶᠢᠨ 25 ᠤ ᠡᠳᠦᠷ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠦᠬᠦ ᠬᠤᠳᠠ ᠶᠢᠨ ᠬᠤᠷᠢ ᠶᠢᠰᠦᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠠᠴᠠ ᠣᠶᠢᠯᠠᠭᠠᠭᠰᠠᠨ ᠢᠶᠠᠷ᠂ 2024 ᠣᠨ ᠳᠤ᠂ ᠬᠤᠳᠠ ᠶᠢᠨ ᠵᠠᠰᠠᠭ ᠤᠨ ᠣᠷᠳᠣᠨ ᠠᠴᠠ ᠪᠦᠬᠦ ᠬᠤᠳᠠ ᠶᠢᠨ 241 ᠨᠢᠭᠡᠴᠢ ᠳᠤ 3000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠶᠢᠨ ᠱᠠᠩᠨᠠᠯ ᠤᠨ ᠪᠡᠯᠡ ᠮᠥᠩᠭᠦ ᠣᠯᠭᠤᠬᠤ ᠪᠠᠷ ᠪᠠᠶᠢᠨ᠎ᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠳᠠ ᠶᠢᠨ ᠵᠠᠰᠠᠭ ᠤᠨ ᠣᠷᠳᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠷᠳᠤᠳᠬᠠᠭᠤᠷ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ᠂ ᠢᠨᠵᠧᠨᠧᠷᠢᠩ ᠤᠨ ᠰᠤᠳᠤᠯᠭᠠᠨ ᠤ ᠲᠥᠪ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠡᠷᠭᠡ ᠶᠢ ᠪᠠᠭᠲᠠᠭᠠᠭᠰᠠᠨ 9 ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠵᠢᠴᠢ ᠦᠢᠯᠡᠴᠢᠯᠡᠭᠡᠨ ᠤ ᠪᠠᠶᠢᠭᠤᠯᠤᠮᠵᠢ ᠳᠤ ᠲᠦᠷᠦ ᠶᠢᠨ ᠪᠣᠳᠣᠯᠭ᠎ᠠ ᠶᠢᠨ ᠱᠠᠩᠨᠠᠯ ᠤᠨ ᠮᠥᠩᠭᠦ ᠣᠯᠭᠤᠪᠠ᠃ ᠡᠭᠦᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ︽ᠭᠤᠶᠤᠴᠢᠯᠠᠬᠤ ᠦᠭᠡᠢ ᠪᠠᠷ ᠬᠦᠷᠲᠡᠬᠦ︾ ᠲᠥᠷᠥ ᠶᠢᠨ ᠪᠣᠳᠣᠯᠭ᠎ᠠ ᠶᠢ ᠳᠡᠯᠭᠡᠷᠡᠭᠦᠯᠦᠭᠰᠡᠨ ᠪᠠ ᠬᠡᠷᠡᠭᠵᠢᠭᠦᠯᠦᠭᠰᠡᠨ ᠨᠢ ᠨᠢᠭᠡ ᠶᠡᠭᠡ ᠬᠢᠯᠠᠰ ᠴᠡᠭ ᠪᠣᠯᠵᠠᠢ᠃      ᠣᠶᠢᠯᠠᠭᠠᠭᠰᠠᠨ ᠢᠶᠠᠷ᠂ ᠲᠣᠰ ᠲᠥᠷᠥ ᠶᠢᠨ ᠪᠣᠳᠣᠯᠭ᠎ᠠ ᠨᠢ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠨᠢᠭᠡᠴᠢ ᠰᠠᠨᠠᠭᠠᠴᠢᠯᠠᠭ᠎ᠠ ᠠᠴᠠ ᠪᠠᠨ ᠭᠤᠶᠤᠴᠢᠯᠠᠬᠤ ᠴᠢᠬᠤᠯᠠ ᠦᠭᠡᠢ ᠪᠠᠷ ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠤᠶᠤ ᠪᠡᠯᠡ ᠮᠥᠩᠭᠦᠨ ᠤ ᠳᠡᠮᠵᠢᠯᠭᠡ ᠶᠢ ᠰᠢᠭᠤᠳ ᠭᠥᠷᠳᠡᠵᠦ᠂ ︽ᠲᠥᠷᠥ ᠶᠢᠨ ᠪᠣᠳᠣᠯᠭ᠎ᠠ ᠠᠵᠤ ᠠᠬᠤᠶᠢᠯᠠᠯ ᠢ ᠡᠷᠢᠬᠦ︾ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠵᠠᠭᠪᠤᠷ ᠢ ᠪᠡᠶᠡᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠯᠡᠬᠦ ᠱᠠᠩᠨᠠᠯ ᠨᠥᠬᠦᠪᠦᠷᠢ ᠪᠠᠷ ᠵᠢᠱᠢᠶᠡᠯᠡᠪᠡᠯ᠂ ᠬᠤᠲᠠ ᠶᠢᠨ ᠵᠠᠰᠠᠭ ᠤᠨ ᠣᠷᠳᠣᠨ ︽ᠭᠤᠶᠤᠴᠢᠯᠠᠬᠤ ᠦᠭᠡᠢ ᠪᠠᠷ ᠬᠦᠷᠲᠡᠬᠦ︾ ᠳᠠᠷᠠᠭᠠᠯᠠᠯ ᠢᠶᠠᠷ᠂ ᠲᠦᠷᠦᠭᠦᠸ ᠵᠢᠯ ᠤᠨ ᠦᠨᠡᠯᠡᠯᠲᠡ ᠳᠤ ᠬᠢᠷᠢ ᠲᠡᠩᠴᠡᠭᠰᠡᠨ ᠠᠵᠤ ᠠᠬᠤᠶᠢᠯᠠᠯ ᠢ 10 ᠲᠦᠮᠡᠨ ᠲᠥᠭᠦᠷᠢᠭ ᠢᠶᠠᠷ ᠰᠢᠭᠤᠳ ᠲᠡᠳᠬᠦᠨ ᠱᠠᠩᠨᠠᠵᠤ᠂ ᠲᠥᠷᠥ ᠶᠢᠨ ᠪᠣᠳᠣᠯᠭ᠎ᠠ ᠶᠢ ᠡᠳ᠋ᠯᠡᠬᠦ ᠶᠠᠪᠤᠴᠠ ᠶᠢ ᠲᠤᠶᠢᠯ ᠤᠨ ᠶᠡᠭᠡ ᠪᠠᠷ ᠳᠥᠭᠦᠮᠴᠢᠯᠡᠪᠡ᠃      ︽ᠶᠠᠷᠰᠢᠭ ᠲᠦᠪᠡᠭᠲᠡᠢ ᠭᠤᠶᠤᠴᠢᠯᠠᠬᠤ ᠶᠠᠪᠤᠴᠠ ᠶᠢ ᠥᠩᠭᠡᠷᠡᠭᠡᠬᠦ ᠦᠭᠡᠢ ᠪᠠᠷ ᠲᠥᠷᠥ ᠶᠢᠨ ᠪᠣᠳᠣᠯᠭ᠎ᠠ ᠶᠢᠨ ︿ᠤᠯᠠᠭᠠᠨ ᠪᠠᠭᠯᠠᠭ᠎ᠠ﹀ ᠶᠢ ᠠᠮᠠᠷᠬᠠᠨ ᠡᠳ᠋ᠯᠡᠵᠦ ᠪᠣᠯᠣᠨ᠎ᠠ᠂ ᠡᠨᠡ ᠨᠢ ᠠᠵᠤ ᠠᠬᠤᠶᠢᠯᠠᠯ ᠤᠨ ᠢᠷᠠᠭᠤ ᠠᠯᠳᠠᠷ ᠤᠨ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ︾᠃ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠶᠤᠸᠠᠨ ᠹᠧᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠮᠧᠩ ᠼᠤᠤ ᠪᠦᠯᠦᠭᠯᠡᠯ ᠨᠢᠭᠡᠨᠲᠡ ᠡᠨᠡ ᠬᠦ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠣᠯᠠᠨ ᠤᠳᠠᠭ᠎ᠠ ᠭᠥᠷᠳᠡᠵᠦ ᠪᠠᠶᠢᠨ᠎ᠠ᠂ ᠬᠤᠶᠢᠰᠢᠳᠠ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠨᠠᠩ ᠢᠳᠡᠪᠬᠢᠲᠡᠢ ᠪᠠᠷ ᠬᠠᠮᠵᠢᠯᠴᠠᠨ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠰᠠᠶᠢᠲᠤᠷ ᠬᠢᠵᠦ᠂ ︽ᠭᠤᠶᠤᠴᠢᠯᠠᠬᠤ ᠦᠭᠡᠢ ᠪᠠᠷ ᠬᠦᠷᠲᠡᠬᠦ︾ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠴᠡᠴᠡᠭᠯᠡᠨ ᠬᠥᠭᠵᠢᠬᠦ ᠶᠢ ᠬᠠᠮᠲᠤ ᠪᠠᠷ ᠲᠦᠯᠬᠢᠨ ᠠᠬᠢᠭᠤᠯᠤᠨ᠎ᠠ ᠭᠡᠵᠡᠢ᠃      ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭᠠᠨ ᠤ ᠳᠡᠳ᠋ ᠳᠠᠷᠤᠭ᠎ᠠ ᠵᠠᠩ ᠴᠥᠩ ᠴᠢᠩ ᠤᠨ ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠭᠤᠷᠪᠠᠨ ᠵᠢᠯ ᠳᠤ ᠪᠥᠬᠦ ᠬᠤᠲᠠ ᠶᠢᠨ 988 ᠨᠢᠭᠡᠴᠢ ᠳᠤ 1 ᠳ᠋ᠦᠩᠰᠢᠭᠤᠷ ᠲᠥᠭᠦᠷᠢᠭ ᠱᠠᠩᠨᠠᠯ ᠤᠨ ᠮᠥᠩᠭᠦ ᠬᠦᠷᠴᠡᠢ᠃ ᠲᠠᠷᠠᠭᠠᠴᠢ ᠶᠢᠨ ᠠᠯᠬᠤᠮ ᠳᠤ᠂ ᠪᠥᠬᠦ ᠬᠤᠲᠠ ᠪᠠᠷ ᠢᠶᠠᠨ ︽ᠭᠤᠶᠤᠴᠢᠯᠠᠬᠤ ᠦᠭᠡᠢ ᠪᠠᠷ ᠬᠦᠷᠲᠡᠬᠦ︾ ᠠᠵᠤ ᠠᠬᠤᠶᠢᠯᠠᠯ ᠳᠤ ᠠᠰᠢᠭ ᠬᠦᠷᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ︽ᠭᠤᠶᠤᠴᠢᠯᠠᠬᠤ ᠦᠭᠡᠢ ᠪᠠᠷ ᠬᠦᠷᠲᠡᠬᠦ︾ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠶᠢᠨ ᠬᠠᠮᠲᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠬᠤ ᠪᠠᠷ ᠳᠠᠮᠵᠢᠭᠤᠯᠤᠨ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ ᠪᠠ ᠥᠨᠳᠥᠷ ᠪᠦᠲᠦᠮᠵᠢᠲᠡᠶ ᠪᠠᠷ ᠲᠣᠬᠢᠷᠠᠭᠤᠯᠬᠤ ᠶᠢ ᠦᠨᠡᠨ ᠬᠦ ᠪᠠᠲᠤᠯᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ