ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠥᠵᠢᠯ ᠤᠨ ᠣᠷᠳᠣᠨ ᠵᠢᠩᠬᠢᠨᠢ ᠪᠠᠷ ᠡᠭᠦᠳᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2024/5/31
微信图片_20240531150622.jpg
      ᠡᠮᠦᠨᠡᠬᠢ ᠬᠤᠭᠤᠴᠠᠭᠠᠨ ᠤ ᠪᠡᠯᠡᠳᠬᠡᠯ ᠢᠶᠠᠷ ᠲᠠᠮᠵᠢᠨ᠂ 5 ᠳ᠋ᠤᠭᠠᠷ ᠰᠠᠷ᠎ᠠ ᠶᠢᠨ 30 ᠤ ᠡᠳᠦᠷ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠥᠵᠢᠯ ᠤᠨ ᠣᠷᠳᠣᠨ ᠵᠢᠩᠬᠢᠨᠢ ᠪᠠᠷ ᠡᠭᠦᠳᠡ ᠪᠠᠨ ᠨᠡᠭᠡᠭᠡᠪᠡ᠃      ᠣᠶᠢᠯᠠᠭᠠᠭᠰᠠᠨ ᠢᠶᠠᠷ᠂ ᠲᠣᠰ ᠰᠤᠷᠭᠠᠨ ᠬᠥᠮᠦᠵᠢᠯ ᠤᠨ ᠣᠷᠳᠣᠨ ᠤ ᠳᠡᠯᠭᠡᠨ ᠦᠵᠡᠭᠦᠯᠬᠦ ᠲᠠᠯᠠᠪᠠᠢ ᠨᠢ 1500 ᠲᠡᠭᠰᠢ ᠳᠥᠷᠪᠡᠯᠵᠢᠨ ᠮᠧᠲᠷ᠂ ᠦᠵᠡᠭᠦᠯᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠠᠭᠤᠰᠤᠯᠴᠠᠨ ᠴᠤᠭᠯᠠᠷᠠᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠡᠭᠦᠰᠦᠯ᠂ ᠪᠦᠷᠢᠯᠳᠦᠯ ᠪᠠ ᠬᠥᠭᠵᠢᠯᠲᠡ ᠪᠠᠷ ᠰᠤᠳᠠᠰᠤ ᠪᠣᠯᠭᠠᠵᠤ᠂ ︽ᠪᠢᠳᠡ ᠬᠠᠮᠢᠭ᠎ᠠ ᠠᠴᠠ ᠢᠷᠡᠭᠰᠡᠨ ᠪᠣᠶ︖︾ ︽ᠪᠢᠳᠡ ᠬᠡᠨ ᠪᠤᠶ︖︾  ︽ᠪᠢᠳᠡ ᠬᠠᠮᠢᠭ᠎ᠠ ᠬᠦᠷᠬᠦ ᠪᠤᠶ︖︾ ᠭᠡᠰᠡᠨ ᠭᠤᠷᠪᠠᠨ ᠶᠡᠭᠡ ᠬᠡᠰᠡᠭ ᠢᠶᠠᠷ ᠪᠦᠷᠢᠯᠳᠦᠵᠦ᠂ ᠳᠤᠮᠳᠠᠳᠤ ᠶᠢᠨ ᠦᠨᠳᠦᠰᠦᠲᠡᠨ ᠤ ᠪᠤᠶᠢᠵᠢᠯᠲᠠ ᠪᠠ ᠡᠭᠦᠰᠦᠯ ᠢ ᠪᠦᠬᠦ ᠲᠠᠯ᠎ᠠ ᠪᠠᠷ ᠰᠢᠰᠲ᠋ᠧᠮ ᠲᠠᠢ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠷᠳᠤ ᠬᠤᠭᠤᠴᠠᠭᠠᠨ ᠤ ᠲᠤᠷᠰᠢ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠠᠮᠢᠳᠤᠯᠢᠭ ᠵᠢᠷᠤᠭ ᠢ ᠪᠡᠶᠡᠲᠦ ᠬᠡᠯᠪᠡᠷᠢ ᠪᠠᠷ ᠢᠯᠡᠷᠡᠭᠦᠯᠵᠡᠢ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠨ ᠮᠡᠳᠡᠭᠡᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ