ᠭᠦᠭᠡᠬᠤᠲᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2024/5/6
      ᠣᠶᠢᠷ᠎ᠠ ᠶᠢᠨ ᠵᠢᠯ ᠳᠤ᠂ ᠭᠦᠭᠡᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ︽ᠨᠢᠭᠡ ᠥᠷᠲᠡᠭᠡ᠂ ᠨᠢᠭᠡ ᠰᠤᠷᠭᠠᠭᠤᠯᠢ᠂ ᠨᠢᠭᠡ ᠲᠠᠪᠴᠠᠩ︾ ᠤᠨ ᠪᠠᠶᠢᠭᠤᠯᠤᠯᠲᠠ ᠪᠠᠷ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠵᠤ᠂ ᠰᠤᠷᠤᠬᠴᠢᠳ ᠤᠨ ᠥᠪᠡᠷ ᠢ ᠪᠠᠨ ᠭᠦᠨᠳᠦᠳᠭᠡᠵᠦ ᠥᠪᠡᠷ ᠢ ᠪᠠᠨ ᠢᠲᠡᠭᠡᠬᠦ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠰᠡᠳᠬᠢᠴᠡ ᠶᠢᠨ ᠬᠡᠪ ᠴᠢᠨᠠᠷ ᠢ ᠬᠥᠮᠥᠵᠢᠭᠦᠯᠦᠨ᠂ ᠰᠤᠷᠤᠬᠴᠢᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠤᠨ ᠵᠣᠬᠢᠴᠠᠩᠭᠤᠢ ᠬᠥᠭᠵᠢᠯᠲᠡ ᠶᠢ  ᠠᠬᠢᠭᠤᠯᠵᠤ ᠪᠠᠶᠢᠨ᠎ᠠ᠃      ︽ᠨᠢᠭᠡ ᠥᠷᠲᠡᠭᠡ︾ ᠪᠠᠷ ᠤᠳᠤᠷᠢᠳᠤᠮᠵᠢ ᠪᠣᠯᠭᠠᠨ ︽ᠬᠤᠲᠠ ︱ ᠲᠣᠭᠤᠷᠢᠭ︵ᠬᠤᠰᠢᠭᠤ ᠰᠢᠶᠠᠨ︶ ︱ ᠰᠤᠷᠭᠠᠭᠤᠯᠢ︾ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠲᠠᠰ ᠬᠤᠪᠢᠶᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠪᠠᠭᠰᠢ ᠳᠤ ᠪᠣᠯᠪᠠᠰᠤᠷᠠᠯ ᠬᠦᠷᠲᠡᠭᠡᠵᠦ᠂ ᠰᠣᠷᠣᠬᠴᠢ ᠵᠢᠴᠢ ᠭᠡᠷ ᠪᠦᠯᠢ ᠳᠤ ᠬᠠᠨᠳᠤᠭᠤᠯᠤᠨ ᠰᠡᠳᠬᠢᠴᠡ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡ ᠬᠠᠩᠭᠠᠪᠠ᠃ ᠬᠤᠲᠠ ᠶᠢᠨ ᠲᠠᠰ ᠤᠨ ᠰᠡᠳᠬᠢᠴᠡ ᠶᠢᠨ ᠬᠠᠪᠰᠤᠷᠤᠨ ᠵᠢᠯᠤᠭᠤᠳᠬᠤ ᠥᠷᠲᠡᠭᠡ ᠨᠢ ᠲᠤᠰᠬᠠᠢ ᠮᠡᠷᠭᠡᠵᠢᠯ ᠤᠨ ᠬᠢᠷᠢ ᠲᠦᠪᠰᠢᠨ ᠥᠨᠳᠥᠷ᠂ ᠦᠢᠯᠡᠳᠦᠯᠭᠡ ᠶᠢᠨ ᠴᠢᠨᠠᠷ ᠢᠶᠠᠷ ᠴᠢᠩᠭ᠎ᠠ ᠨᠢᠭᠡᠨ ᠰᠠᠯᠠᠭ᠎ᠠ ᠰᠡᠳᠬᠢᠴᠡ ᠶᠢᠨ ᠡᠷᠡᠭᠦᠯ ᠮᠡᠨᠳᠦ ᠶᠢᠨ ᠭᠤᠣᠯᠯᠠᠭᠴᠢ ᠪᠠᠭᠰᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠬᠤᠰᠢᠭᠤ ᠰᠢᠶᠠᠨ ᠲᠣᠭᠤᠷᠢᠭ ᠲᠤ  ᠪᠣᠯᠪᠠᠰᠤᠷᠠᠯ ᠤᠨ ᠠᠩᠭᠢ ᠡᠷᠭᠢᠯᠡᠭᠦ᠂ ᠵᠢᠭᠠᠨ ᠰᠤᠳᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠬᠤ ᠭᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠳᠠᠶᠢᠴᠢᠯᠠᠨ ᠳᠡᠭᠡᠭᠰᠢᠯᠡᠭᠦᠯᠪᠡ; ᠬᠤᠰᠢᠭᠤ ᠰᠢᠶᠠᠨ ᠲᠣᠭᠤᠷᠢᠭ ᠤᠨ ᠱᠠᠲᠤᠨ ᠤ ᠰᠡᠳᠬᠢᠴᠡ ᠶᠢᠨ ᠬᠠᠪᠰᠤᠷᠤᠨ ᠵᠢᠯᠤᠭᠤᠳᠬᠤ ᠲᠥᠪ ᠨᠢ ︽3·25︾ ᠤ ᠰᠡᠳᠬᠢᠴᠡ ᠶᠢᠨ ᠡᠷᠡᠭᠦᠯ ᠮᠡᠨᠳᠦ ᠶᠢᠨ ᠡᠳᠦᠷ᠂ ︽5·25︾ ᠤ ᠰᠡᠳᠬᠢᠴᠡ ᠶᠢᠨ ᠡᠷᠡᠭᠦᠯ ᠮᠡᠨᠳᠦ ᠶᠢᠨ ᠰᠠᠷ᠎ᠠ ᠵᠡᠷᠭᠡ ᠶᠢ ᠲᠣᠬᠢᠶᠠᠯᠳᠤᠭᠤᠯᠤᠨ ᠬᠠᠷᠢᠶ᠎ᠠ ᠣᠷᠣᠨ ᠤ ᠪᠠᠨ ᠪᠠᠭᠰᠢ ᠰᠣᠷᠣᠬᠴᠢ ᠶᠢᠨ ᠭᠡᠷ ᠤᠨ ᠠᠬᠠᠮᠠᠳ ᠲᠤ ᠬᠠᠨᠳᠤᠭᠤᠯᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ;ᠰᠤᠷᠭᠠᠭᠤᠯᠢ ᠶᠢᠨ ᠰᠡᠳᠬᠢᠴᠡ ᠶᠢᠨ ᠰᠠᠯᠠᠭ᠎ᠠ ᠮᠥᠴᠢᠷ ᠠᠴᠠ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠪᠠ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃      ︽ᠨᠢᠭᠡ ᠰᠤᠷᠭᠠᠭᠤᠯᠢ︾ ᠪᠠᠷ ᠭᠠᠷᠳᠠᠴᠠ ᠪᠤᠯᠭᠠᠵᠤ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠢ ᠬᠠᠮᠵᠢᠯᠴᠠᠨ ᠵᠠᠰᠠᠬᠤ ᠲᠣᠭᠲᠠᠴᠠ ᠶᠢ ᠪᠠᠶᠢᠭᠤᠯᠪᠠ᠃ ᠭᠦᠭᠡᠬᠤᠲᠠ ᠶᠢᠨ ︽ᠭᠡᠷ ᠤᠨ ᠠᠬᠠᠮᠠᠳ ᠤᠨ ᠰᠤᠷᠭᠠᠭᠤᠯᠢ ᠶᠢᠨ ᠶᠡᠷᠦᠩᠬᠡᠢ ᠰᠤᠷᠭᠠᠭᠤᠯᠢ︾ 1 ᠭᠡᠷ ᠪᠦᠯᠢ ᠶᠢᠨ ᠬᠥᠮᠦᠵᠢᠯ ᠤᠨ ᠯᠧᠺᠲ᠋ᠣᠷ ᠤᠨ ᠪᠦᠯᠭᠦᠮ ᠪᠠ 20 ᠨᠠᠷᠠᠲᠤ ᠪᠠᠭᠰᠢ ᠶᠢᠨ ᠠᠵᠢᠯᠯᠠᠬᠤ ᠦᠷᠦᠭᠡ ᠶᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠠᠵᠢᠯ ᠥᠷᠨᠢᠭᠦᠯᠬᠦ ᠶᠢ ᠬᠥᠲᠥᠯᠥᠨ ᠳᠠᠭᠠᠭᠤᠯᠵᠤ ᠨᠥᠯᠥᠭᠡᠯᠡᠨ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ  ᠳᠠᠬᠢ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠠᠵᠢᠯᠯᠠᠭ᠎ᠠ ᠥᠷᠨᠢᠭᠦᠯᠪᠡ᠃ ᠡᠯ᠎ᠡ ᠳᠤᠮᠳᠠᠳᠤ ᠪᠠᠭ᠎ᠠ ᠰᠤᠷᠭᠠᠭᠤᠯᠢ ᠭᠡᠷ ᠤᠨ ᠠᠬᠠᠮᠠᠳ ᠤᠨ ᠬᠤᠷᠠᠯ᠂ ᠭᠡᠷ ᠤᠨ ᠠᠬᠠᠮᠠᠳ ᠢ ᠭᠥᠯᠢᠶᠡᠨ ᠠᠪᠬᠤ ᠡᠳᠦᠷ᠂ ᠰᠤᠷᠭᠠᠭᠤᠯᠢ ᠶᠢᠨ ᠨᠡᠭᠡᠭᠡᠯᠲᠡ ᠶᠢᠨ ᠡᠳᠦᠷ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠶᠢᠨ ᠲᠠᠶᠢᠯᠤᠮᠵᠢ ᠶᠢᠨ ᠭᠡᠯᠪᠡᠷᠢ ᠪᠠᠷ ᠪᠦᠭᠦ ᠭᠡᠷ ᠤᠨ ᠠᠬᠠᠮᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠭᠡᠷ ᠪᠦᠯᠢ ᠶᠢᠨ ᠬᠥᠮᠦᠵᠢᠯ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ; ᠡᠭᠦᠨ ᠤ ᠬᠠᠮᠲᠤ ᠭᠤᠣᠯᠳᠠᠯᠭ᠎ᠠ ᠲᠠᠢ ᠰᠣᠷᠣᠬᠴᠢ ᠳᠤ ᠬᠠᠨᠳᠤᠭᠤᠯᠤᠨ ᠭᠡᠷ ᠲᠤᠨᠢ ᠬᠦᠷᠴᠦ ᠰᠣᠷᠪᠤᠯᠵᠢᠯᠠᠭ᠎ᠠ ᠬᠢᠵᠦ᠂ ᠰᠣᠷᠣᠬᠴᠢ ᠶᠢᠨ ᠦᠵᠡᠯ ᠰᠠᠨᠠᠭ᠎ᠠ ᠵᠢᠴᠢ ᠭᠡᠷ ᠪᠦᠯᠢ ᠶᠢᠨ ᠪᠠᠶᠢᠳᠠᠯ ᠢ ᠭᠦᠢᠴᠡᠳ ᠣᠶᠢᠯᠠᠭᠠᠨ᠂ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠶᠢ ᠨᠢᠭᠡ ᠨᠢᠭᠡ ᠪᠠᠷ ᠥᠷᠨᠢᠭᠦᠯᠵᠦ᠂ ᠭᠡᠷ ᠤᠨ ᠠᠬᠠᠮᠠᠳ ᠢ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠲᠠᠢ  ᠪᠣᠯᠭᠠᠪᠠ᠃      ︽ᠨᠢᠭᠡ ᠲᠠᠪᠴᠠᠩ︾ ᠢᠶᠠᠷ ᠲᠦᠰᠢᠭ ᠪᠤᠯᠭᠠᠵᠤ  ᠰᠡᠳᠬᠢᠴᠡ ᠶᠢᠨ ᠬᠢᠨᠠᠨ ᠬᠡᠮᠵᠢᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠪᠠ᠃ ︽ᠭᠦᠭᠡᠬᠤᠲᠠ ᠶᠢᠨ ᠰᠡᠳᠬᠢᠴᠡ ᠶᠢᠨ ᠬᠥᠮᠦᠵᠢᠯ ᠤᠨ ᠪᠤᠶᠢᠵᠢᠯᠲᠠ ᠶᠢᠨ ᠲᠠᠪᠴᠠᠩ︾ ᠢ ᠪᠠᠶᠢᠭᠤᠯᠵᠤ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠨᠢᠭᠡ ᠤᠳᠠᠭ᠎ᠠ ᠰᠡᠳᠬᠢᠴᠡ ᠶᠢᠨ ᠪᠠᠶᠢᠴᠠᠭᠠᠯᠲᠠ ᠬᠢᠵᠦ᠂  ᠡᠯ᠎ᠡ ᠰᠤᠷᠤᠯᠭ᠎ᠠ ᠶᠢᠨ ᠱᠠᠲᠤᠨ ᠤ ᠰᠣᠷᠣᠬᠴᠢ ᠶᠢᠨ ᠣᠨᠴᠠᠯᠢᠭ ᠢ ᠦᠨᠳᠦᠰᠦᠯᠡᠨ᠂ ᠬᠠᠷᠢᠯᠴᠠᠨ ᠬᠤᠷᠰᠢᠯᠴᠠᠬᠤ ᠭᠡᠯᠪᠡᠷᠢ ᠶᠢᠨ ᠰᠦᠯᠵᠢᠶᠡᠨ ᠳᠡᠭᠡᠷᠡᠬᠢ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠶᠢ ᠨᠡᠶᠢᠲᠡᠯᠡᠵᠦ᠂ ᠪᠠᠭᠰᠢ ᠰᠣᠷᠣᠬᠴᠢ ᠭᠡᠷ ᠤᠨ ᠠᠬᠠᠮᠠᠳ ᠲᠤ ᠴᠠᠭ ᠲᠤᠬᠠᠢ ᠳᠤᠨᠢ ᠰᠡᠳᠬᠢᠴᠡ ᠶᠢᠨ ᠳᠡᠮᠵᠢᠯᠭᠡ ᠬᠠᠩᠭᠠᠪᠠ᠃ ︽ᠲᠤᠰᠬᠠᠢ ᠮᠡᠷᠭᠡᠵᠢᠯ ᠤᠨ ᠰᠢᠯᠭᠠᠯᠲᠠ︾ ᠪᠠ ︽ᠡᠳᠦᠷ ᠲᠤᠲᠤᠮ ᠤᠨ ᠰᠡᠷᠭᠡᠶᠢᠯᠡᠯᠲᠡ︾ ᠶᠢ ᠪᠦᠲᠦᠮᠵᠢᠲᠡᠶ ᠤᠶᠠᠯᠳᠤᠭᠤᠯᠵᠤ᠂ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠭᠦ ᠪᠠ ᠭᠠᠷ ᠲᠦᠷᠦᠭᠦ ᠭᠤᠷᠪᠠ ᠶᠢ ᠨᠢᠭᠡ ᠴᠣᠭᠴᠠᠵᠢᠭᠤᠯᠤᠭᠰᠠᠨ︾ ᠲᠣᠭᠲᠠᠴᠠ ᠶᠢ ᠪᠠᠶᠢᠭᠤᠯᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ