4 ᠰᠠᠷ᠎ᠠ ᠶᠢᠨ 30 ᠤ ᠡᠳᠦᠷ᠂ ᠰᠤᠷᠪᠤᠯᠵᠢᠯᠠᠬᠴᠢ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠨᠡᠶᠢᠭᠡᠮᠯᠢᠭ ᠠᠴᠠ ᠣᠶᠢᠯᠠᠭᠠᠭᠰᠠᠨ | ᠢᠶᠠᠷ᠂ ᠲᠦᠷᠦᠭᠦᠬᠡᠨ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠨᠡᠶᠢᠭᠡᠮᠯᠢᠭ ᠲᠤ ᠰᠠᠭᠤᠭ᠎ᠠ ᠳᠡᠳ᠋ ᠲᠡᠷᠢᠭᠦᠯᠡᠭᠴᠢ ᠬᠠᠨ ᠵᠢᠶᠠ ᠲᠦᠩ | ᠫᠷᠤᠹᠧᠰᠰᠤᠷ ᠤᠷᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷ᠎ᠡ ᠤᠷᠤᠰ ᠤᠨ ᠢᠨᠵᠧᠨᠧᠷᠢᠩ ᠤᠨ ᠬᠦᠷᠢᠶᠡᠯᠡᠩ ᠤᠨ | ᠭᠠᠳᠠᠭᠠᠳᠤ ᠶᠢᠨ ᠬᠠᠷᠢᠶᠠᠲᠤ ᠠᠺᠠᠳᠧᠮᠢᠴᠢ ᠪᠠᠷ ᠰᠣᠩᠭᠤᠭᠳᠠᠪᠠ᠃ | ᠤᠷᠤᠰ ᠤᠨ ᠢᠨᠵᠧᠨᠧᠷᠢᠩ ᠤᠨ ᠬᠦᠷᠢᠶᠡᠯᠡᠩ ︵RAE︶ 1990 ᠣᠨ ᠳᠤ ᠪᠠᠶᠢᠭᠤᠯᠤᠭᠳᠠᠵᠤ᠂ ᠤᠯᠠᠨ ᠤᠯᠤᠰ ᠤᠨ ᠡᠷᠳᠡᠮ ᠰᠢᠨᠵᠢᠯᠡᠭᠡᠨ ᠤ ᠴᠢᠬᠤᠯᠠ | ᠨᠥᠯᠥᠭᠡ ᠲᠠᠢ ᠰᠢᠨᠵᠢᠯᠡᠬᠦ ᠤᠬᠠᠭᠠᠨ ᠤ ᠪᠠᠶᠢᠭᠤᠯᠤᠮᠵᠢ ᠪᠠ ᠪᠦᠭᠦ ᠤᠷᠤᠰ ᠤᠨ ᠤᠯᠠᠨ ᠨᠡᠶᠢᠲᠡ ᠶᠢᠨ ᠵᠣᠬᠢᠶᠠᠨ ᠪᠠᠶᠢᠭᠤᠯᠤᠯᠲᠠ ᠪᠠᠶᠢᠵᠤ᠂ 1993 ᠣᠨ ᠳᠤ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠶᠢᠨ ᠵᠥᠪᠯᠡᠬᠦ ᠪᠠᠶᠢᠷᠢ ᠰᠠᠭᠤᠷᠢ ᠶᠢ | ᠣᠯᠵᠤ᠂ 1997 ᠣᠨ ᠳᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ | ᠪᠠᠶᠢᠭᠤᠯᠤᠯᠲᠠ ᠳᠤ ᠳᠤᠮᠳᠠᠳᠤ ᠡᠸᠦ᠋ᠷᠦᠫᠡ ᠪᠠ ᠵᠡᠭᠦᠨ ᠡᠸᠦ᠋ᠷᠦᠫᠡ ᠶᠢᠨ ᠰᠢᠨ᠎ᠡ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠵᠣᠬᠢᠶᠠᠨ ᠪᠠᠶᠢᠭᠤᠯᠤᠯᠲᠠ ᠶᠢᠨ | ᠨᠢᠭᠡ ᠪᠠᠷ ᠵᠢᠭᠰᠠᠭᠠᠭᠳᠠᠪᠠ᠃ ᠣᠲᠣ 1500 ᠰᠢᠬᠠᠮ ᠠᠺᠠᠳᠧᠮᠢᠴᠢ ᠪᠠᠶᠢᠵᠤ᠂ ᠡᠭᠦᠨ ᠳᠤ 30 ᠭᠠᠷᠤᠢ ᠤᠯᠤᠰ ᠤᠨ ᠨᠡᠶᠢᠲᠡ 200 ᠰᠢᠬᠠᠮ ᠨᠡᠷᠡᠰ | ᠭᠠᠳᠠᠭᠠᠳᠤ ᠶᠢᠨ ᠬᠠᠷᠢᠶᠠᠲᠤ ᠠᠺᠠᠳᠧᠮᠢᠴᠢ ᠪᠤᠶ᠂ ᠡᠭᠦᠨ ᠳᠤ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠤᠤᠯ ᠤᠨ ᠵᠠᠬᠢᠷᠤᠯ ᠰᠥᠩ ᠵᠢᠶᠠᠨ᠂ | ᠰᠢᠦᠢ ᠺᠤᠸᠠᠩ ᠳ᠋ᠢ ᠪᠣᠯᠣᠨ ᠣᠲᠣ ᠶᠢᠨ ᠵᠠᠬᠢᠷᠤᠯ ᠯᠢ ᠰᠢᠶᠣᠣ ᠬᠤᠩ ᠵᠡᠷᠭᠡ ᠬᠤᠶᠠᠷ ᠬᠦᠷᠢᠶᠡᠯᠡᠩ ᠤᠨ ᠠᠺᠠᠳᠧᠮᠢᠴᠢ ᠪᠣᠯᠣᠨ ᠰᠢᠨᠵᠢᠯᠡᠬᠦ ᠤᠬᠠᠭᠠᠨᠲᠠᠨ | ᠪᠠᠭᠲᠠᠨ᠎ᠠ᠃ | ᠣᠷᠣᠰ ᠤᠨ ᠢᠨᠵᠧᠨᠧᠷᠢᠩ ᠤᠨ ᠬᠦᠷᠢᠶᠡᠯᠡᠩ ᠤᠨ ᠭᠠᠳᠠᠭᠠᠳᠤ ᠶᠢᠨ ᠬᠠᠷᠢᠶᠠᠲᠤ ᠠᠺᠠᠳᠧᠮᠢᠴᠢ ᠶᠢ ᠰᠢᠯᠭᠠᠷᠠᠭᠤᠯᠬᠤ ᠳᠤ ᠵᠢᠱᠢᠭᠳᠡᠭᠴᠢ ᠶᠢᠨ ᠡᠷᠳᠡᠮ | ᠰᠢᠨᠵᠢᠯᠡᠭᠡᠨ ᠤ ᠠᠮᠵᠢᠯᠲᠠ ᠪᠦᠲᠦᠮᠵᠢ ᠵᠢᠴᠢ ᠨᠥᠯᠥᠭᠡᠯᠡᠬᠦ ᠬᠦᠴᠦᠨ᠂ ᠬᠠᠮᠢᠶ᠎ᠠ ᠪᠦᠬᠦᠢ ᠬᠦᠷᠢᠶᠡᠨ ᠳᠠᠬᠢ ᠪᠠᠶᠢᠷᠢ ᠰᠠᠭᠤᠷᠢ ᠶᠢ ᠰᠢᠨᠵᠢᠯᠡᠨ ᠪᠠᠶᠢᠴᠠᠭᠠᠵᠤ᠂ | ᠠᠺᠠᠳᠧᠮᠢᠴᠢ ᠶᠢᠨ ᠲᠠᠨᠢᠯᠴᠠᠭᠤᠯᠬᠤ᠂ ᠭᠡᠯᠪᠡᠷᠢ ᠶᠢᠨ ᠬᠢᠨᠠᠨ ᠪᠠᠶᠢᠴᠠᠭᠠᠯᠲᠠ᠂ ᠮᠠᠲ᠋ᠧᠷᠢᠶᠠᠯ ᠤᠨ ᠬᠢᠨᠠᠨ ᠪᠠᠶᠢᠴᠠᠭᠠᠯᠲᠠ᠂ ᠲᠤᠰᠬᠠᠢ ᠮᠡᠷᠭᠡᠵᠢᠯᠲᠡᠨ ᠤ ᠨᠣᠮ ᠬᠠᠶᠠᠯᠴᠠᠭ᠎ᠠ᠂ | ᠡᠷᠳᠡᠮ ᠰᠢᠨᠵᠢᠯᠡᠭᠡᠨ ᠤ ᠬᠡᠯᠲᠡᠰ ᠤᠨ ᠰᠣᠩᠭᠤᠭᠤᠯᠢ᠂ ᠲᠡᠷᠢᠭᠦᠯᠡᠭᠴᠢᠳ ᠤᠨ ᠪᠦᠯᠭᠦᠮ ᠤᠨ ᠰᠣᠩᠭᠤᠭᠤᠯᠢ ᠪᠠᠷ ᠬᠢᠨᠠᠨ ᠵᠥᠪᠯᠡᠬᠦ᠂ ᠣᠷᠣᠰ ᠤᠨ ᠢᠨᠵᠧᠨᠧᠷᠢᠩ ᠤᠨ | ᠬᠦᠷᠢᠶᠡᠯᠡᠩ ᠤᠨ ᠶᠡᠭᠡ ᠬᠤᠷᠠᠯ ᠢᠶᠠᠷ ᠪᠠᠲᠤᠯᠠᠬᠤ ᠵᠡᠷᠭᠡ ᠣᠯᠠᠨ ᠡᠭᠡᠯᠵᠢ ᠶᠢᠨ ᠡᠷᠳᠡᠮ ᠰᠢᠨᠵᠢᠯᠡᠭᠡᠨ ᠤ ᠬᠢᠨᠠᠨ ᠲᠣᠭᠲᠠᠭᠠᠯᠲᠠ ᠪᠠ ᠰᠢᠯᠢᠨ ᠰᠣᠩᠭᠤᠬᠤ ᠴᠢᠩᠭ᠎ᠠ | ᠲᠠᠰ ᠳᠠᠷᠠᠭᠠᠯᠠᠯ ᠢᠶᠠᠷ ᠳᠡᠮᠵᠢᠨ ᠬᠠᠮᠤᠭ ᠤᠨ ᠡᠴᠦᠰ ᠲᠤ ᠲᠣᠭᠲᠠᠭᠠᠳᠠᠭ᠃ ᠡᠨᠡ ᠬᠦ ᠰᠢᠯᠭᠠᠷᠠᠭᠤᠯᠤᠯᠲᠠ ᠪᠣᠯ ᠣᠷᠣᠰ ᠤᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠬᠦᠷᠢᠶᠡᠨ ᠳᠠᠬᠢ ᠬᠠᠮᠤᠭ ᠤᠨ ᠳᠡᠭᠡᠳᠦ ᠢᠷᠠᠭᠤ ᠠᠯᠳᠠᠷ ᠤᠨ ᠨᠢᠭᠡ ᠮᠥᠨ᠂ ᠬᠠᠨ ᠵᠢᠶᠠ ᠲᠦᠩ ᠫᠷᠤᠹᠧᠰᠰᠤᠷ ᠪᠣᠯ ᠣᠷᠣᠰ ᠤᠨ | ᠢᠨᠵᠧᠨᠧᠷᠢᠩ ᠤᠨ ᠬᠦᠷᠢᠶᠡᠯᠡᠩ ᠤᠨ ᠭᠠᠳᠠᠭᠠᠳᠤ ᠶᠢᠨ ᠬᠠᠷᠢᠶᠠᠲᠤ ᠠᠺᠠᠳᠧᠮᠢᠴᠢ ᠪᠠᠷ ᠰᠣᠩᠭᠤᠭᠳᠠᠭᠰᠠᠨ ᠮᠠᠨ ᠤ ᠣᠷᠣᠨ ᠤ ᠠᠩᠬᠠᠳᠠᠭᠴᠢ ᠬᠥᠮᠥᠨ ᠪᠣᠯᠣᠨ᠎ᠠ᠃ | ᠬᠠᠨ ᠵᠢᠶᠠ ᠲᠦᠩ ᠤᠳᠤ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠨᠡᠶᠢᠭᠡᠮᠯᠢᠭ ᠲᠤ ᠰᠠᠭᠤᠭ᠎ᠠ ᠳᠡᠳ᠋ ᠲᠡᠷᠢᠭᠦᠯᠡᠭᠴᠢ᠂ | ᠭᠦᠭᠡᠬᠤᠲᠠ ᠶᠢᠨ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠤᠷᠭᠠᠭᠤᠯᠢ ᠶᠢᠨ ᠳᠡᠳ᠋ ᠵᠠᠬᠢᠷᠤᠯ᠂ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠡᠷᠢᠭᠦᠨ ᠰᠢᠨᠵᠢᠯᠡᠬᠦ ᠤᠬᠠᠭᠠᠨᠲᠠᠨ ᠢᠶᠠᠷ ᠠᠵᠢᠯᠯᠠᠵᠤ ᠪᠤᠢ᠃ 2009 ᠣᠨ ᠳᠤ᠂ ᠬᠠᠨ ᠵᠢᠶᠠ ᠲᠦᠩ | ᠭᠦᠭᠡᠬᠤᠲᠠ ᠶᠢᠨ ᠣᠷᠣᠭᠤᠯᠤᠨ ᠠᠪᠴᠢᠷᠠᠭᠰᠠᠨ ᠳᠡᠭᠡᠳᠦ ᠲᠡᠰ ᠤᠨ ᠴᠢᠳᠠᠪᠤᠷᠢᠲᠠᠨ ᠪᠣᠯᠤᠭᠰᠠᠨ ᠤ ᠬᠤᠪᠢ ᠳᠤ᠂ ᠨᠤᠲᠤᠭ ᠲᠠᠭᠠᠨ ᠪᠤᠴᠠᠵᠤ ᠲᠥᠪ ᠬᠤᠳᠠ ᠶᠢᠨ | ᠪᠦᠲᠦᠭᠡᠨ ᠪᠠᠶᠢᠭᠤᠯᠤᠯᠲᠠ ᠶᠢ ᠡᠷᠡᠰ ᠰᠢᠭᠤᠷᠬᠠᠢ ᠳᠡᠮᠵᠢᠪᠡ᠃ ᠤᠷᠢᠳ ᠬᠤᠵᠢᠳ ᠭᠦᠭᠡᠬᠤᠲᠠ ᠶᠢᠨ ᠬᠤᠶᠠᠳᠤᠭᠠᠷ ᠲᠣᠭᠤᠷᠢᠯ ᠵᠠᠮ᠂ ᠭᠠᠵᠠᠷ ᠳᠣᠣᠷᠠᠬᠢ ᠲᠡᠮᠦᠷ | ᠵᠠᠮ ᠤᠨ 1 ᠳ᠋ᠦ᠋ᠭᠡᠷ ᠱᠤᠭᠤᠮ᠂ 2 ᠳ᠋ᠤᠭᠠᠷ ᠱᠤᠭᠤᠮ᠂ ᠭᠠᠵᠠᠷ ᠳᠣᠣᠷᠠᠬᠢ ᠬᠠᠮ ᠬᠤᠭᠤᠯᠠᠢ ᠶᠢᠨ ᠬᠤᠩᠭᠢᠯ᠂ ᠭᠠᠵᠠᠷ ᠳᠣᠣᠷᠠᠬᠢ ᠨᠡᠪᠲᠡᠷᠡᠬᠦ ᠵᠠᠮ᠂ ᠨᠢᠰᠬᠡᠯ ᠤᠨ | ᠪᠠᠭᠤᠳᠠᠯ ᠤᠨ ᠲᠦᠷᠭᠡᠨ ᠤ ᠵᠠᠰᠠᠮᠠᠯ ᠵᠠᠮ ᠵᠡᠷᠭᠡ ᠴᠢᠬᠤᠯᠠ ᠶᠡᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠪᠠ ᠵᠢᠭᠠᠨ ᠰᠤᠷᠭᠠᠯᠲᠠ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠳᠤ ᠤᠷᠤᠯᠴᠠᠵᠤ᠂ ᠪᠦᠯᠭᠦᠮ ᠨᠡᠶᠢᠲᠡ ᠪᠠᠨ ᠳᠠᠭᠠᠭᠤᠯᠤᠨ ᠣᠯᠠᠨ ᠵᠦᠢᠯ ᠤᠨ ︽ᠪᠣᠭᠤᠮᠢ ᠪᠣᠯᠵᠤ ᠪᠠᠶᠢᠭ᠎ᠠ︾ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠯᠠᠨ ᠵᠦᠢᠯ ᠤᠨ ᠲᠤᠰᠬᠠᠢ ᠠᠰᠢᠭ ᠪᠠ ᠺᠤᠮᠫᠢᠦ᠋ᠲ᠋ᠧᠷ ᠤᠨ ᠵᠥᠭᠡᠯᠡᠨ | ᠬᠡᠷᠡᠭᠰᠡᠯ ᠤᠨ ᠵᠣᠬᠢᠶᠠᠯ ᠪᠦᠲᠦᠭᠡᠯ ᠤᠨ ᠡᠷᠬᠡ ᠵᠢᠴᠢ ᠴᠢᠬᠤᠯᠠ ᠶᠡᠭᠡ ᠡᠭᠦᠳᠦᠯᠲᠡ ᠪᠦᠲᠦᠭᠡᠯᠲᠡ ᠵᠡᠷᠭᠡ ᠣᠯᠠᠨ ᠦᠷ᠎ᠡ ᠪᠦᠲᠦᠭᠡᠯ ᠣᠯᠵᠤ᠂ ︽ᠤᠯᠤᠰ ᠤᠨ | ᠭᠠᠷᠮᠠᠭᠠᠢ ᠢᠨᠵᠧᠨᠧᠷ︾᠂ ︽ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ︾᠂ ︽ᠪᠦᠭᠦ ᠤᠯᠤᠰ ᠤᠨ ᠭᠠᠷᠮᠠᠭᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ︾᠂ | ︽ᠤᠯᠤᠰ ᠤᠨ ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ ᠤᠨ ᠤᠯᠤᠰ ᠤᠨ ᠲᠠᠰ ᠤᠨ ᠵᠢᠱᠢᠭᠳᠡᠭᠴᠢ︾᠂ ︽ᠤᠯᠤᠰ ᠤᠨ ᠲᠣᠪᠣᠶᠢᠮ᠎ᠠ ᠬᠤᠪᠢ ᠨᠡᠮᠡᠷᠢ | ᠦᠵᠡᠭᠦᠯᠦᠭᠰᠡᠨ ᠢᠳᠡᠷ ᠵᠠᠯᠠᠭᠤ ᠲᠤᠰᠬᠠᠢ ᠮᠡᠷᠭᠡᠵᠢᠯᠲᠡᠨ︾᠂ ︽ᠲᠠᠯ᠎ᠠ ᠨᠤᠲᠤᠭ ᠤᠨ ᠴᠢᠳᠠᠪᠤᠷᠢᠲᠠᠨ ᠤ ᠳᠠᠭᠠᠭᠤᠯᠤᠭᠴᠢ ᠴᠢᠳᠠᠪᠤᠷᠢᠲᠠᠨ︾᠂ ︽ᠥᠪᠥᠷ ᠮᠣᠩᠭᠤᠯ ᠤᠨ | ᠭᠠᠷᠮᠠᠭᠠᠢ ᠴᠢᠳᠠᠪᠤᠷᠢᠲᠠᠨ ᠤ ᠱᠠᠩᠨᠠᠯ︾ ᠵᠡᠷᠭᠡ ᠠᠯᠢ ᠣᠯᠠᠨ ᠢᠷᠠᠭᠤ ᠠᠯᠳᠠᠷ ᠢ ᠭᠦᠷᠳᠡᠪᠡ᠃ |