ᠭᠦᠭᠡᠬᠤᠲᠠ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠡᠮ ᠤᠨ ᠵᠦᠢᠯ ᠢ ᠲᠠᠷᠬᠠᠭᠠᠵᠠᠢ
ᠨᠡᠶᠢᠲᠡᠯᠡᠭᠰᠡᠨ ᠴᠠᠭ᠄
2024/5/7
      ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠵᠠᠰᠠᠯᠲᠠ ᠶᠢᠨ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠮᠢ ᠠᠬᠤᠢ ᠶᠢᠨ ᠠᠮᠤᠷ ᠲᠦᠪᠰᠢᠨ  ᠢ ᠬᠠᠮᠠᠭᠠᠯᠠᠬᠤ ᠶᠢᠨ ᠲᠥᠯᠥᠭᠡ᠂ ︽ᠡᠷᠲᠡ ᠠᠴᠠ ᠪᠡᠯᠡᠳᠬᠡᠬᠦ᠂ ᠡᠷᠲᠡ ᠠᠴᠠ ᠲᠣᠬᠢᠷᠠᠭᠤᠯᠬᠤ᠂ ᠡᠷᠲᠡ ᠠᠴᠠ ᠪᠠᠶᠢᠷᠢᠯᠠᠭᠤᠯᠬᠤ︾ ᠵᠠᠷᠴᠢᠮ ᠶᠣᠰᠣᠭᠠᠷ᠂ ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠮ ᠬᠤᠳᠠᠯᠳᠤᠨ ᠠᠪᠬᠤ ᠪᠠ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠨᠡ ᠵᠢᠯ ᠤᠨ ᠰᠡᠷᠭᠡᠶᠢᠯᠡᠨ ᠵᠠᠰᠠᠬᠤ ᠠᠵᠢᠯ ᠳᠤ ᠡᠳ᠋ ᠪᠣᠳᠠᠰ ᠤᠨ ᠪᠡᠯᠡᠳᠬᠡᠯ ᠢ ᠭᠦᠢᠴᠡᠳ ᠰᠠᠶᠢᠲᠤᠷ ᠬᠢᠪᠡ᠃      ᠡᠭᠦᠨ ᠤ ᠬᠠᠮᠲᠤ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠤᠨ ᠡᠭᠦᠰᠦᠯᠲᠡ ᠶᠢᠨ ᠣᠨᠴᠠᠯᠢᠭ ᠢ ᠦᠨᠳᠦᠰᠦᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠦᠢ ᠵᠣᠬᠢᠰᠲᠠᠢ ᠡᠮ ᠤᠨ ᠵᠦᠢᠯ ᠤᠨ ᠬᠤᠪᠢᠶᠠᠷᠢᠯᠠᠯᠲᠠ ᠶᠢᠨ ᠲᠥᠯᠥᠪᠯᠡᠭᠡ ᠲᠣᠭᠲᠠᠭᠠᠵᠤ᠂ ᠣᠶᠢᠷ᠎ᠠ ᠳᠤ ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠠᠭᠠᠯᠠᠯᠲᠠ ᠶᠢᠨ ᠲᠥᠪ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠳᠤ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠡᠮ ᠤᠨ ᠵᠦᠢᠯ ᠢ ᠲᠠᠷᠬᠠᠭᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠡᠨᠡ ᠵᠢᠯ ᠤᠨ ᠰᠡᠷᠭᠡᠶᠢᠯᠡᠨ ᠵᠠᠰᠠᠬᠤ ᠠᠵᠢᠯ ᠤᠨ ᠡᠭᠦᠷᠭᠡ ᠪᠠᠨ ᠤᠷᠤᠭᠰᠢᠲᠠᠢ ᠥᠷᠨᠢᠭᠦᠯᠬᠦ ᠳᠤ ᠪᠠᠲᠤᠯᠠᠭ᠎ᠠ ᠬᠠᠩᠭᠠᠪᠠ᠃ ᠲᠣᠰ ᠤᠳᠠᠭ᠎ᠠ ᠳᠤ ᠨᠡᠶᠢᠲᠡ 16.3 ᠲᠣᠨ ᠡᠮ ᠲᠠᠷᠬᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠡᠨᠡ ᠵᠢᠯ ᠤᠨ ᠰᠡᠷᠭᠡᠶᠢᠯᠡᠨ ᠵᠠᠰᠠᠬᠤ ᠠᠵᠢᠯ ᠤᠨ ᠡᠭᠦᠷᠭᠡ ᠪᠠᠨ ᠤᠷᠤᠭᠰᠢᠲᠠᠢ ᠥᠷᠨᠢᠭᠦᠯᠬᠦ ᠶᠢ ᠪᠠᠲᠤᠯᠠᠨ᠂ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠳᠤ ᠰᠠᠶᠢᠨ ᠰᠠᠭᠤᠷᠢ ᠲᠠᠯᠪᠢᠵᠠᠢ᠃      ᠡᠭᠦᠨ ᠠᠴᠠ ᠭᠠᠳᠠᠨ᠎ᠠ ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠬᠤᠰᠢᠭᠤ ᠰᠢᠶᠠᠨ ᠲᠣᠭᠤᠷᠢᠭ ᠲᠤ ᠰᠡᠷᠭᠡᠶᠢᠯᠡᠨ ᠵᠠᠰᠠᠬᠤ ᠠᠵᠢᠯ ᠪᠠ ᠡᠮ ᠤᠨ ᠵᠦᠢᠯ ᠤᠨ ᠬᠡᠷᠡᠭᠯᠡᠯᠲᠡ ᠬᠠᠮᠢᠶᠠᠷᠤᠯᠲᠠ ᠵᠡᠷᠭᠡ ᠲᠠᠯ᠎ᠠ ᠪᠠᠷ ᠳᠦᠷᠪᠡᠨ ᠵᠦᠢᠯ ᠤᠨ ᠪᠣᠳᠠᠲᠠᠢ ᠱᠠᠭᠠᠷᠳᠠᠯᠭ᠎ᠠ ᠳᠤᠷᠠᠳᠪᠠ᠄ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ  ᠢ  ᠭᠦᠢᠴᠡᠳ  ᠲᠠᠨᠢᠵᠤ᠂ ᠰᠡᠷᠭᠡᠶᠢᠯᠡᠨ ᠵᠠᠰᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠭᠦ ᠶᠢ ᠦᠨᠡᠨ ᠬᠦ ᠪᠠᠲᠤᠯᠠᠬᠤ ᠭᠡᠷᠡᠭᠲᠡᠢ; ᠬᠤᠷᠣᠬᠠᠢ ᠬᠤᠯᠤᠭᠠᠨ᠎ᠠ ᠶᠢᠨ ᠬᠥᠨᠥᠭᠡᠯ ᠡᠭᠦᠰᠬᠦ ᠴᠠᠭ ᠬᠤᠭᠤᠴᠠᠭ᠎ᠠ ᠶᠢ ᠣᠨᠣᠪᠴᠢᠲᠠᠶ ᠡᠵᠡᠮᠰᠢᠵᠦ᠂ ᠰᠡᠷᠭᠡᠶᠢᠯᠡᠨ ᠵᠠᠰᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠭᠡᠷᠡᠭᠲᠡᠢ; ᠲᠠᠷᠢᠶᠠᠨ ᠡᠮ ᠤᠨ ᠬᠥᠮᠥᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠮᠥᠷᠭᠡ ᠠᠴᠠ ᠭᠠᠷᠬᠤ ᠲᠠᠷᠢᠶᠠᠨ ᠡᠮ ᠢ ᠴᠢᠩᠭ᠎ᠠ ᠳᠠᠩᠰᠠᠯᠠᠬᠤ ᠳᠦᠷᠢᠮ ᠢ ᠬᠡᠷᠡᠭᠵᠢᠭᠦᠯᠵᠦ᠂ ᠲᠠᠷᠢᠶᠠᠨ ᠡᠮ ᠤᠨ ᠠᠶᠤᠯᠭᠦᠢ ᠶᠢᠨ ᠠᠳᠡᠯ ᠭᠠᠷᠬᠤ ᠠᠴᠠ ᠵᠠᠶᠢᠯᠠᠰᠬᠢᠬᠦ ᠭᠡᠷᠡᠭᠲᠡᠢ; ᠲᠣᠬᠢᠷᠠᠮᠵᠢᠲᠠᠢ ᠡᠮ ᠬᠡᠷᠡᠭᠯᠡᠬᠦ ᠴᠠᠭ ᠪᠠ ᠠᠷᠭ᠎ᠠ ᠶᠢ ᠰᠣᠩᠭᠤᠵᠤ᠂ ᠡᠮ ᠬᠡᠷᠡᠭᠯᠡᠬᠦ ᠶᠠᠪᠤᠴᠠ  ᠳᠤ ᠴᠢᠬᠤᠯᠠ ᠪᠦᠬᠦᠢ ᠬᠤᠪᠢ ᠬᠥᠮᠥᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠠᠳᠡᠯ ᠭᠠᠷᠬᠤ ᠠᠴᠠ ᠵᠠᠶᠢᠯᠠᠰᠬᠢᠬᠦ  ᠬᠡᠷᠡᠭᠲᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ