ᠢᠦᠢ ᠴᠢᠤᠸᠠᠨ ᠲᠣᠭᠤᠷᠢᠭ ᠦᠨᠡᠨᠴᠢ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2024/5/7
微信图片_20240507150550.jpg
      ᠲᠦᠷᠦᠭᠦᠬᠡᠨ᠂ ᠢᠦᠢ ᠴᠢᠤᠸᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠦᠨᠡᠨᠴᠢ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ᠃      ᠠᠵᠢᠯᠯᠠᠭ᠎ᠠ ᠶᠢᠨ ᠠᠬᠤᠢ ᠲᠠᠯᠠᠪᠠᠢ ᠳᠤ ᠬᠥᠨᠳᠡᠯᠡᠨ ᠪᠢᠴᠢᠭᠡᠰᠦ ᠡᠯᠭᠦᠵᠦ᠂ ᠰᠠᠶᠢᠨ ᠳᠤᠷ᠎ᠠ ᠶᠢᠨ ᠦᠢᠯᠡᠴᠢᠯᠡᠭᠴᠢ ᠠᠴᠠ ᠬᠤᠳᠠ ᠶᠢᠨ ᠠᠷᠠᠳ ᠪᠣᠯᠣᠨ ᠡᠵᠡᠩᠨᠡᠯᠲᠡ ᠶᠢᠨ ᠬᠤᠳᠠᠯᠳᠤᠭᠠᠴᠢᠨ ᠳᠤ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠭᠤᠭᠠᠯᠢ ᠠᠷᠠᠳ ᠲᠤ ᠪᠠᠷᠠᠭ᠎ᠠ ᠬᠤᠳᠠᠯᠳᠤᠨ ᠠᠪᠴᠤ ᠬᠡᠷᠡᠭᠯᠡᠭᠡ ᠬᠢᠬᠦ ᠳᠡᠭᠡᠨ ᠦᠨᠡᠨᠴᠢ ᠢᠲᠡᠭᠡᠮᠵᠢᠲᠡᠢ ᠬᠤᠳᠠᠯᠳᠤᠭᠠᠴᠢᠨ ᠢ ᠰᠣᠩᠭᠤᠵᠤ᠂ ᠢᠲᠡᠭᠡᠯ ᠠᠯᠳᠠᠭᠰᠠᠨ ᠬᠤᠳᠠᠯᠳᠤᠭᠠᠴᠢᠨ ᠠᠴᠠ ᠬᠤᠯᠠ ᠵᠠᠶᠢᠳᠠᠭᠤ ᠪᠠᠶᠢᠬᠤ ᠶᠢ ᠰᠠᠨᠠᠭᠤᠯᠵᠠᠢ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ