︵ᠰᠤᠷᠪᠤᠯᠵᠢᠯᠠᠭᠴᠢ ᠶᠦᠨ ᠶᠠᠨ ᠹᠠᠩ︶ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠳᠠ ᠶᠢᠨ ᠰᠣᠶᠣᠯ ᠵᠤᠭᠠᠴᠠᠯ ᠤᠨ ᠵᠠᠬ᠎ᠠ | ᠳᠡᠯᠭᠡᠭᠦᠷ ᠦᠷᠭᠦᠯᠵᠢᠯᠡᠨ ᠬᠥᠭᠵᠢᠶᠡᠨᠲᠡᠢ ᠪᠠᠶᠢᠵᠤ᠂ ᠬᠤᠳᠠ ᠶᠢᠨ ᠠᠷᠠᠳ ᠤᠨ ᠵᠤᠭᠠᠴᠠᠭᠰᠠᠳ ᠤᠨ ᠶᠠᠪᠤᠵᠤ ᠰᠠᠭᠤᠬᠤ ᠬᠡᠷᠡᠭᠴᠡᠭᠡ ᠶᠡᠭᠡ ᠪᠠᠷ ᠨᠡᠮᠡᠭᠳᠡᠵᠦ᠂ | ᠶᠠᠪᠤᠵᠤ ᠰᠠᠭᠤᠬᠤ ᠠᠶᠠᠨᠴᠢᠳ ᠤᠨ ᠲᠤᠭ᠎ᠠ ᠦᠷᠭᠦᠯᠵᠢᠯᠡᠨ ᠥᠨᠳᠥᠷ ᠲᠦᠪᠰᠢᠨ ᠳᠤ ᠬᠦᠷᠴᠡᠢ᠃ ᠪᠦᠷᠢᠳᠬᠡᠯ ᠢ ᠦᠨᠳᠦᠰᠦᠯᠡᠪᠡᠯ᠂ ︽5.1︾ ᠤ | ᠠᠮᠠᠷᠠᠯᠲᠠ ᠶᠢᠨ ᠬᠤᠭᠤᠴᠠᠭᠠᠨ ᠳᠤ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠨᠡᠶᠢᠲᠡ 3.9 ᠲᠦᠮᠡᠨ ᠡᠭᠡᠯᠵᠢ ᠶᠢᠨ ᠡᠵᠡᠩᠨᠡᠯᠲᠡ ᠶᠢ | ᠪᠡᠶᠡᠯᠡᠭᠦᠯᠵᠦ᠂ ᠨᠡᠶᠢᠲᠡ 291 ᠲᠦᠮᠡᠨ ᠬᠥᠮᠥᠨ ᠤᠳᠠᠭ᠎ᠠ ᠶᠢᠨ ᠠᠶᠠᠨᠴᠢᠳ ᠢ ᠵᠥᠭᠡᠭᠡᠪᠦᠷᠢᠯᠡᠨ ᠬᠦᠷᠭᠡᠵᠦ᠂ ᠣᠯᠠᠨ ᠲᠦᠮᠡᠨ ᠤ ᠵᠤᠭᠠᠴᠠᠨ ᠨᠠᠭᠠᠳᠬᠤ | ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ︽5.1︾ ᠤ ᠬᠤᠭᠤᠴᠠᠭᠠᠨ ᠳᠠᠬᠢ ᠨᠡᠶᠢᠲᠡ ᠶᠢᠨ ᠮᠠᠰᠢᠨ ᠲᠡᠷᠭᠡᠨ ᠤ ᠠᠮᠤᠷ ᠲᠦᠪᠰᠢᠨ ᠢᠶᠠᠷ ᠠᠵᠢᠯᠯᠠᠬᠤ ᠶᠢ ᠪᠥᠬᠦ ᠲᠠᠯ᠎ᠠ ᠪᠠᠷ | ᠪᠠᠲᠤᠯᠠᠬᠤ ᠶᠢᠨ ᠲᠥᠯᠥᠭᠡ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ | ᠬᠠᠮᠲᠤᠷᠠᠭᠰᠠᠨ ᠶᠡᠭᠡ ᠪᠠᠶᠢᠴᠠᠭᠠᠯᠲᠠ᠂ ᠶᠡᠭᠡ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠪᠠᠭᠤᠷᠠᠢ ᠭᠤᠭᠴᠤᠭ᠎ᠠ ᠶᠢ ᠪᠦᠲᠦᠮᠵᠢᠲᠡᠶ ᠡᠵᠡᠮᠳᠡᠬᠦ ᠶᠢ ᠦᠨᠡᠨ ᠬᠦ | ᠪᠠᠲᠤᠯᠠᠪᠠ᠃ ᠠᠶᠠᠨᠴᠢᠳ ᠤᠨ ᠣᠯᠠᠨ ᠲᠠᠯ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠥᠬᠡᠬᠤᠲᠠ ᠶᠢᠨ ᠨᠡᠶᠢᠲᠡ ᠶᠢᠨ ᠮᠠᠰᠢᠨ ᠲᠡᠷᠭᠡᠨ ᠳᠤ ᠣᠯᠠᠨ | ᠵᠤᠷᠪᠤᠰ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ ᠨᠡᠪᠲᠡᠷᠡᠭᠦᠯᠪᠡ᠃ ︽ᠬᠠᠪᠤᠷ ᠤᠨ ᠠᠶᠠᠨ ᠤ ᠮᠠᠰᠢᠨ ᠲᠡᠷᠭᠡ︾ ᠠᠶᠠᠨᠴᠢᠳ ᠢ ᠳᠠᠭᠠᠭᠤᠯᠤᠨ | ᠬᠤᠲᠠ ᠶᠢᠨ ᠬᠠᠪᠤᠷ ᠤᠨ ᠰᠠᠶᠢᠬᠠᠨ ᠦᠵᠡᠮᠵᠢ ᠶᠢ ᠰᠣᠨᠢᠷᠬᠠᠭᠤᠯᠤᠨ᠎ᠠ︔ ᠬᠠᠭᠤᠴᠢᠨ ᠠᠶᠢᠯ ᠤᠨ ᠬᠠᠪᠲᠠᠭᠠᠢ ᠬᠡᠰᠡᠭ ᠲᠤ 4 ᠨᠡᠶᠢᠲᠡ ᠶᠢᠨ ᠮᠠᠰᠢᠨ ᠲᠡᠷᠭᠡᠨ ᠤ | ᠵᠠᠮ ᠱᠤᠭᠤᠮ ᠢ ᠲᠣᠬᠢᠷᠠᠭᠤᠯᠤᠨ ᠨᠠᠪᠲᠠᠷᠡᠭᠦᠯᠵᠦ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠤᠲᠠ ᠳᠤ ᠤᠷᠤᠬᠤ ᠳᠤ ᠳᠦᠭᠦᠮ ᠦᠵᠡᠭᠦᠯᠪᠡ︔ | ︽ᠤᠮᠠᠷᠠᠲᠤ ᠬᠢᠯᠢ ᠶᠢᠨ ᠠᠮᠢ ᠠᠬᠤᠢ ᠶᠢᠨ ᠵᠤᠭᠠᠴᠠᠯ︾ ᠤᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠵᠢᠭᠤᠯᠴᠢᠯᠠᠯ ᠤᠨ ᠲᠤᠰᠬᠠᠢ ᠱᠤᠭᠤᠮ ᠨᠢ | ᠬᠥᠬᠡᠬᠤᠲᠠ ᠶᠢᠨ ᠡᠷᠬᠢᠨ ᠲᠣᠭᠤᠷᠢᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠤᠯᠪᠣᠵᠤ᠂ ᠬᠤᠳᠠ ᠶᠢᠨ ᠠᠷᠠᠳ ᠵᠢᠴᠢ ᠭᠠᠳᠠᠨ᠎ᠠ ᠣᠷᠣᠨ ᠤ | ᠵᠢᠭᠤᠯᠴᠢᠯᠠᠭᠴᠢᠳ ᠢ ᠨᠡᠩ ᠳᠥᠭᠦᠮ ᠳᠥᠲᠡ᠂ ᠣᠶᠢᠷ᠎ᠠ ᠵᠠᠢ ᠠᠴᠠ ᠪᠠᠶᠢᠭᠠᠯᠢ ᠲᠠᠢ ᠣᠶᠢᠷᠠᠲᠤᠭᠤᠯᠬᠤ ᠳᠤ ᠠᠰᠢᠭᠲᠠᠢ ᠪᠣᠯᠭᠠᠵᠠᠢ᠃ ᠡᠭᠦᠨ ᠤ ᠵᠡᠷᠭᠡ ᠳᠤ | ᠬᠥᠬᠡᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠬᠢᠨ ᠪᠠᠰᠠ ᠥᠷᠭᠡᠨ ᠣᠯᠠᠨ ᠠᠶᠠᠨᠴᠢᠳ ᠲᠤ ᠬᠡᠦᠬᠡᠳ ᠤᠨ ᠭᠡᠷ ᠪᠦᠯᠢ ᠶᠢᠨ ᠲᠤᠰᠬᠠᠢ ᠱᠤᠭᠤᠮ᠂ ᠴᠡᠴᠡᠭ | ᠡᠪᠡᠰᠦ ᠰᠠᠭᠤᠯᠭᠠᠬᠤ ᠲᠤᠰᠬᠠᠢ ᠱᠤᠭᠤᠮ᠂ ᠣᠶ ᠰᠢᠭᠤᠢ ᠶᠢᠨ ᠬᠦᠴᠢᠯᠲᠥ᠋ᠷᠥᠭᠴᠢ ᠶᠢᠨ ᠪᠠᠭᠠᠷ ᠤᠨ ᠲᠤᠰᠬᠠᠢ ᠱᠤᠭᠤᠮ᠂ ᠲᠡᠦᠬᠡ ᠪᠠ ᠬᠥᠮᠥᠨ ᠰᠣᠶᠣᠯ ᠤᠨ | ᠲᠤᠰᠬᠠᠢ ᠱᠤᠭᠤᠮ ᠵᠡᠷᠭᠡ ᠵᠢᠭᠤᠯᠴᠢᠯᠠᠯ ᠤᠨ ᠵᠠᠮ ᠱᠤᠭᠤᠮ ᠤᠨ ᠠᠷᠭ᠎ᠠ ᠪᠣᠳᠣᠯᠭ᠎ᠠ ᠶᠢ ᠡᠮᠬᠢᠯᠡᠵᠦ ᠥᠭᠴᠡᠢ᠃ |