︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠺᠣᠮᠫᠠᠨᠢ ᠶᠢᠨ ᠬᠥᠬᠡᠬᠤᠲᠠ ᠶᠢᠨ | ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ︽5.1︾ ᠤ ᠠᠮᠠᠷᠠᠯᠲᠠ ᠶᠢᠨ ᠬᠤᠭᠤᠴᠠᠭᠠᠨ ᠳᠤ᠂ | ᠬᠥᠬᠡᠬᠤᠲᠠ ᠪᠥᠬᠦ ᠤᠯᠤᠰ ᠤᠨ ᠵᠢᠭᠤᠯᠴᠢᠯᠠᠯ ᠤᠨ ᠬᠠᠯᠠᠮᠰᠢᠯ ᠬᠤᠲᠠ ᠪᠣᠯᠵᠤ᠂ ᠬᠥᠬᠡᠬᠤᠲᠠ ᠪᠣᠯᠣᠨ ᠪᠡᠭᠡᠵᠢᠩ ᠤᠨ ᠬᠤᠭᠤᠷᠣᠨᠳᠣᠬᠢ ᠲᠦᠷᠭᠡᠨ ᠤ ᠭᠠᠯᠲᠤ | ᠲᠡᠷᠭᠡ 12306 ᠪᠢᠯᠧᠲ ᠬᠤᠳᠠᠯᠳᠤᠬᠤ ᠬᠠᠯᠠᠮᠰᠢᠯ ᠳᠤ ᠣᠷᠣᠵᠤ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ | ᠪᠦᠯᠦᠭᠯᠡᠯ ᠤᠨ ᠺᠣᠮᠫᠠᠨᠢ ᠠᠶᠠᠨᠴᠢᠳ ᠢ ᠨᠡᠶᠢᠲᠡ 89.2 ᠲᠦᠮᠡᠨ ᠬᠥᠮᠥᠨ ᠤᠳᠠᠭ᠎ᠠ ᠬᠦᠷᠭᠡᠵᠦ᠂ ᠡᠳᠦᠷ ᠳᠤᠮᠳᠠᠴᠢ ᠪᠠᠷ 17.8 ᠲᠦᠮᠡᠨ ᠬᠥᠮᠥᠨ ᠤᠳᠠᠭ᠎ᠠ | ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ᠃ 5 ᠰᠠᠷ᠎ᠠ ᠶᠢᠨ 1 ᠤ ᠡᠳᠦᠷ ᠠᠶᠠᠨᠴᠢᠳ ᠢ 23.99 ᠲᠦᠮᠡᠨ ᠬᠥᠮᠥᠨ | ᠤᠳᠠᠭ᠎ᠠ ᠬᠦᠷᠭᠡᠵᠦ᠂ ᠭᠠᠭᠴᠠ ᠡᠳᠦᠷ ᠤᠨ ᠠᠶᠠᠨᠴᠢᠳ ᠢ ᠬᠦᠷᠭᠡᠭᠰᠡᠨ ᠲᠤᠭ᠎ᠠ ᠬᠡᠮᠵᠢᠶᠡᠨ ᠤ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠠᠶᠠᠨᠴᠢᠳ ᠤᠨ ᠤᠷᠤᠰᠬᠠᠯ ᠤᠨ ᠴᠢᠭᠯᠡᠯ ᠠᠴᠠ ᠠᠪᠴᠤ ᠦᠵᠡᠪᠡᠯ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠲᠡᠮᠦᠷ ᠵᠠᠮ ᠤᠨ ᠠᠶᠠᠯᠠᠯ | ᠨᠢ ᠭᠤᠣᠯᠳᠠᠭᠤ ᠬᠤᠲᠠ ᠶᠢᠨ ᠬᠤᠭᠤᠷᠣᠨᠳᠣᠬᠢ ᠳᠤᠮᠳᠠ ᠪᠠ ᠣᠶᠢᠷ᠎ᠠ ᠵᠠᠮ ᠤᠨ ᠠᠶᠠᠨᠴᠢᠳ ᠤᠨ ᠤᠷᠤᠰᠬᠠᠯ ᠳᠤ ᠲᠥᠪᠯᠡᠷᠡᠵᠦ᠂ ᠪᠡᠭᠡᠵᠢᠩ᠂ ᠰᠢ ᠠᠨ᠂ | ᠳ᠋ᠠᠲ᠋ᠦ᠋ᠩ᠂ ᠴᠧᠩᠳᠦ᠋ ᠵᠡᠷᠭᠡ ᠵᠢᠭᠤᠯᠴᠢᠯᠠᠯ ᠤᠨ ᠬᠠᠯᠠᠮᠰᠢᠯ ᠬᠤᠲᠠ ᠳᠤ ᠬᠦᠷᠴᠦ᠂ ᠠᠶᠠᠨᠴᠢᠳ ᠤᠨ ᠤᠷᠤᠰᠬᠠᠯ ᠤᠨ ᠣᠷᠭᠢᠯ ᠨᠢ 4 ᠰᠠᠷ᠎ᠠ ᠶᠢᠨ 30 ᠤ ᠡᠳᠦᠷ᠂ | 5 ᠰᠠᠷ᠎ᠠ ᠶᠢᠨ 1 ᠤ ᠡᠳᠦᠷ ᠪᠠ 5 ᠰᠠᠷ᠎ᠠ ᠶᠢᠨ 5 ᠤ ᠡᠳᠦᠷ ᠪᠣᠯᠣᠨ᠎ᠠ᠃ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ | ᠪᠦᠯᠦᠭᠯᠡᠯ ᠺᠣᠮᠫᠠᠨᠢ ᠨᠢ ᠥᠨᠳᠥᠷ ᠣᠷᠭᠢᠯ ᠱᠤᠭᠤᠮ ᠤᠨ ᠴᠤᠪᠤᠭ᠎ᠠ ᠲᠡᠷᠭᠡᠨ ᠤ ᠠᠶᠠᠯᠠᠯ ᠤᠨ ᠵᠢᠷᠤᠭ ᠢ ᠬᠡᠷᠡᠭᠵᠢᠭᠦᠯᠵᠦ᠂ ᠨᠢᠭᠡ ᠡᠳᠦᠷ ᠲᠤ ᠬᠠᠮᠤᠭ | ᠠᠷᠪᠢᠨ ᠳᠠᠭᠠᠨ 125.5 ᠬᠤᠣᠰ ᠴᠤᠪᠤᠭ᠎ᠠ ᠲᠡᠷᠭᠡ ᠶᠠᠪᠤᠭᠤᠯᠵᠤ᠂ ᠡᠭᠦᠨ ᠳᠤ ᠥᠨᠳᠥᠷ ᠣᠷᠭᠢᠯ ᠱᠤᠭᠤᠮ ᠤᠨ ᠴᠤᠪᠤᠭ᠎ᠠ ᠲᠡᠷᠭᠡ 8 ᠬᠤᠣᠰ᠂ ᠲᠦᠷ | ᠴᠠᠭ ᠤᠨ ᠠᠶᠠᠨᠴᠢᠳ ᠤᠨ ᠴᠤᠪᠤᠭ᠎ᠠ ᠲᠡᠷᠭᠡ 20 ᠬᠤᠣᠰ ᠨᠡᠮᠡᠪᠡ᠃ 5 ᠰᠠᠷ᠎ᠠ ᠶᠢᠨ 1 ᠤ ᠡᠳᠦᠷ ᠪᠡᠭᠡᠵᠢᠩ ᠳᠤ ᠣᠷᠣᠬᠤ ᠲᠦᠷᠭᠡᠨ ᠤ ᠭᠠᠯᠲᠤ ᠲᠡᠷᠭᠡ 42 | ᠬᠤᠣᠰ ᠪᠠᠶᠢᠵᠤ᠂ ᠡᠭᠦᠨ ᠳᠤ ᠬᠤᠷᠳᠤᠨ ᠤ ᠭᠠᠯᠲᠤ ᠲᠡᠷᠭᠡ 15 ᠬᠤᠣᠰ ᠪᠠᠶᠢᠨ᠎ᠠ᠃ | ︽5.1︾ ᠤ ᠠᠮᠠᠷᠠᠯᠲᠠ ᠶᠢᠨ ᠬᠤᠭᠤᠴᠠᠭᠠᠨ ᠳᠤ᠂ ᠭᠠᠳᠠᠭᠠᠳᠤ ᠶᠢᠨ ᠦᠢ ᠣᠯᠠᠨ ᠵᠢᠭᠤᠯᠴᠢᠯᠠᠭᠴᠢᠳ ᠳᠤᠮᠳᠠᠳᠤ ᠮᠣᠩᠭᠤᠯ ᠤᠨ ᠣᠯᠠᠨ ᠤᠯᠤᠰ ᠤᠨ | ᠠᠶᠠᠨᠴᠢᠳ ᠤᠨ ᠭᠠᠯᠲᠤ ᠲᠡᠷᠭᠡᠨ ᠳᠤ ᠰᠠᠭᠤᠵᠤ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠣᠷᠣᠵᠤ ᠢᠷᠡᠨ᠂ ᠡᠩ ᠤᠨ ᠡᠳᠦᠷ ᠤᠨ ᠬᠢ ᠠᠴᠠ | 50% ᠠᠴᠠ ᠳᠡᠭᠡᠭᠰᠢ ᠨᠡᠮᠡᠭᠳᠡᠵᠡᠢ᠂ ᠲᠡᠮᠦᠷ ᠵᠠᠮ ᠤᠨ ᠰᠠᠯᠠᠭ᠎ᠠ ᠮᠥᠴᠢᠷ ᠪᠣᠭᠤᠮᠲᠠ ᠶᠢᠨ ᠪᠠ ᠬᠢᠯᠢ ᠶᠢᠨ ᠪᠠᠶᠢᠴᠠᠭᠠᠯᠲᠠ ᠲᠠᠢ ᠬᠠᠮᠲᠤᠷᠠᠨ ᠨᠢᠭᠡ ᠥᠷᠲᠡᠭᠡ | ᠮᠠᠶ᠋ᠢᠭ ᠤᠨ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠬᠠᠩᠭᠠᠵᠤ᠂ ᠠᠶᠠᠨᠴᠢᠳ ᠤᠨ ᠬᠢᠯᠢ ᠪᠠᠷ ᠣᠷᠣᠵᠤ ᠭᠠᠷᠬᠤ ᠶᠢ ᠪᠠᠶᠢᠴᠠᠭᠠᠨ ᠰᠢᠯᠭᠠᠬᠤ ᠴᠠᠭ ᠢ | 30% ᠪᠠᠷ ᠪᠠᠭᠠᠰᠬᠠᠪᠠ᠃ | |