ᠮᠠᠨ ᠤ ᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠪᠦᠬᠦ ᠵᠠᠮ ᠱᠤᠭᠤᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 119.84 ᠲᠦᠮᠡᠨ ᠬᠥᠮᠥᠨ ᠤᠳᠠᠭ᠎ᠠ ᠬᠦᠷᠪᠡ
ᠨᠡᠶᠢᠲᠡᠯᠡᠭᠰᠡᠨ ᠴᠠᠭ᠄
2024/5/8
       ︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ ᠠᠴᠠ ᠣᠶᠢᠯᠠᠭᠠᠭᠰᠠᠨ ᠨᠢ᠂ 5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 5 ᠤ ᠡᠳᠦᠷ ᠪᠣᠯᠲᠠᠯ᠎ᠠ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠲᠣᠣᠷ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 119.84 ᠲᠦᠮᠡᠨ ᠬᠥᠮᠥᠨ ᠤᠳᠠᠭ᠎ᠠ ᠬᠦᠷᠴᠦ᠂ ᠡᠳᠦᠷ ᠳᠤᠮᠳᠠᠴᠢ ᠪᠠᠷ 23.97 ᠲᠦᠮᠡᠨ ᠬᠥᠮᠥᠨ ᠤᠳᠠᠭ᠎ᠠ ᠬᠦᠷᠴᠡᠢ᠃ ᠡᠭᠦᠨ ᠳᠤ᠂ ᠭᠠᠵᠠᠷ ᠳᠣᠣᠷᠠᠬᠢ ᠲᠡᠮᠦᠷ ᠵᠠᠮ ᠤᠨ 1 ᠳ᠋ᠦ᠋ᠭᠡᠷ ᠱᠤᠭᠤᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 61.38 ᠲᠦᠮᠡᠨ ᠬᠥᠮᠥᠨ ᠤᠳᠠᠭ᠎ᠠ ᠬᠦᠷᠴᠦ᠂ ᠡᠳᠦᠷ ᠳᠤᠮᠳᠠᠴᠢ ᠪᠠᠷ 12.28 ᠲᠦᠮᠡᠨ ᠬᠥᠮᠥᠨ ᠤᠳᠠᠭ᠎ᠠ ᠬᠦᠷᠴᠡᠢ︔ ᠭᠠᠵᠠᠷ ᠳᠣᠣᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠠᠶᠠᠨᠴᠢᠳ ᠤᠨ ᠲᠡᠭᠡᠭᠡᠪᠦᠷᠢ  ᠶᠢᠨ ᠬᠡᠮᠵᠢᠶ᠎ᠡ 58.46 ᠲᠦᠮᠡᠨ ᠬᠥᠮᠥᠨ ᠤᠳᠠᠭ᠎ᠠ ᠬᠦᠷᠴᠦ᠂ ᠡᠳᠦᠷ ᠳᠤᠮᠳᠠᠴᠢ ᠪᠠᠷ 11.69 ᠲᠦᠮᠡᠨ ᠬᠥᠮᠥᠨ ᠤᠳᠠᠭ᠎ᠠ ᠬᠦᠷᠴᠡᠢ᠃       ᠣᠶᠢᠯᠠᠭᠠᠭᠰᠠᠨ ᠢᠶᠠᠷ᠂ ︽5.1︾ ᠤ ᠬᠤᠭᠤᠴᠠᠭᠠᠨ ᠳᠤ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠣᠷᠣᠵᠤ ᠭᠠᠷᠤᠭᠰᠠᠨ ᠠᠶᠠᠨᠴᠢᠳ ᠨᠡᠯᠢᠶᠡᠳ ᠤᠯᠠᠨ ᠥᠷᠲᠡᠭᠡ ᠳᠤ ᠵᠥᠩ ᠱᠠᠨ ᠵᠠᠮ ᠤᠨ ᠥᠷᠲᠡᠭᠡ᠂ ᠰᠢᠨᠬᠤᠸᠠ ᠠᠭᠤᠳᠠᠮ ᠲᠠᠯᠠᠪᠠᠶ ᠶᠢᠨ ᠥᠷᠲᠡᠭᠡ᠂ ᠥᠪᠥᠷ ᠮᠣᠩᠭᠤᠯ ᠤᠨ ᠮᠦᠽᠧᠢ ᠶᠢᠨ ᠥᠷᠲᠡᠭᠡ᠂ ᠬᠥᠬᠡᠬᠤᠲᠠ ᠥᠷᠲᠡᠭᠡ᠂ ᠬᠥᠬᠡᠬᠤᠲᠠ ᠶᠢᠨ ᠵᠡᠭᠦᠨ ᠥᠷᠲᠡᠭᠡ᠂ ᠳ᠋ᠦᠩ ᠶᠢᠩ ᠵᠠᠮ ᠤᠨ ᠥᠷᠲᠡᠭᠡ ᠪᠣᠶ᠃ ᠪᠦᠷᠢᠳᠬᠡᠯ ᠢ ᠦᠨᠳᠦᠰᠦᠯᠡᠪᠡᠯ᠂ ᠡᠨᠡ 6 ᠥᠷᠲᠡᠭᠡᠨ ᠤ ᠣᠷᠣᠵᠤ ᠭᠠᠷᠤᠭᠰᠠᠨ ᠠᠶᠠᠨᠴᠢᠳ ᠤᠨ ᠲᠤᠭ᠎ᠠ ᠬᠡᠮᠵᠢᠶ᠎ᠡ ᠨᠢ ᠪᠦᠬᠦ᠋ᠢᠯᠡ ᠵᠠᠮ ᠱᠤᠭᠤᠮ ᠤᠨ ᠣᠷᠣᠵᠤ ᠭᠠᠷᠤᠭᠰᠠᠨ ᠠᠶᠠᠨᠴᠢᠳ ᠤᠨ ᠲᠤᠭ᠎ᠠ ᠬᠡᠮᠵᠢᠶ᠎ᠡ  ᠶᠢᠨ 42.22% ᠢ ᠡᠵᠡᠯᠡᠵᠦ ᠪᠠᠶᠢᠨ᠎ᠠ᠃ 5 ᠰᠠᠷ᠎ᠠ ᠶᠢᠨ 5 ᠤ ᠡᠳᠦᠷ᠂ ᠬᠥᠬᠡᠬᠤᠲᠠ ᠶᠢᠨ ᠵᠡᠭᠦᠨ ᠦᠷᠳᠡᠭᠡ ᠪᠠᠷ ᠣᠷᠣᠵᠤ ᠭᠠᠷᠤᠭᠰᠠᠨ ᠠᠶᠠᠨᠴᠢᠳ ᠤᠨ ᠲᠤᠭ᠎ᠠ 2.95 ᠲᠦᠮᠡᠨ ᠬᠥᠮᠥᠨ ᠤᠳᠠᠭ᠎ᠠ ᠬᠦᠷᠴᠦ᠂ ᠲᠤᠰ ᠦᠷᠳᠡᠭᠡ ᠶᠢᠨ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠴᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ