ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠠᠭᠠᠷ ᠤᠨ ᠬᠠᠮᠢᠶᠠᠷᠤᠯᠲᠠ ᠶᠢᠨ ᠰᠤᠪᠤᠷᠭ᠎ᠠ ᠤᠷᠤᠭᠰᠢᠲᠠᠢ ᠳᠡᠭᠡᠪᠦᠷᠯᠡᠪᠡ
ᠨᠡᠶᠢᠲᠡᠯᠡᠭᠰᠡᠨ ᠴᠠᠭ᠄
2024/5/9
      5 ᠳ᠋ᠤᠭᠠᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠠᠭᠠᠷ ᠤᠨ ᠬᠠᠮᠢᠶᠠᠷᠤᠯᠲᠠ ᠶᠢᠨ ᠰᠤᠪᠤᠷᠭ᠎ᠠ ᠳᠤ ᠨᠣᠶᠠᠨ ᠨᠢᠷᠤᠭᠤ ᠳᠠᠷᠤᠵᠤ᠂ ᠲᠤᠰ ᠨᠢᠰᠭᠡᠯ ᠤᠨ ᠪᠠᠭᠤᠳᠠᠯ ᠤᠨ ᠠᠭᠠᠷ ᠤᠨ ᠬᠠᠮᠢᠶᠠᠷᠤᠯᠲᠠ ᠶᠢᠨ ᠪᠠᠷᠢᠯᠭ᠎ᠠ ᠶᠢᠨ ᠰᠤᠪᠤᠷᠭ᠎ᠠ ᠶᠢᠨ ᠭᠤᠣᠯ ᠪᠦᠲᠦᠴᠡ ᠤᠷᠤᠭᠰᠢᠲᠠᠢ ᠳᠡᠭᠡᠪᠦᠷᠯᠡᠭᠰᠡᠨ ᠢ ᠬᠠᠷᠠᠭᠤᠯᠪᠠ᠃      ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠠᠭᠠᠷ ᠤᠨ ᠬᠠᠮᠢᠶᠠᠷᠤᠯᠲᠠ ᠶᠢᠨ ᠰᠤᠪᠤᠷᠭ᠎ᠠ ᠶᠢᠨ ᠥᠨᠳᠥᠷ ᠨᠢ 91.5 ᠮᠧᠲᠷ᠂ ᠭᠠᠵᠠᠷ ᠳᠡᠭᠡᠷ᠎ᠡ 17 ᠳᠠᠪᠬᠤᠷᠭ᠎ᠠ᠂ ᠭᠠᠵᠠᠷ ᠳᠣᠣᠷ᠎ᠠ 1 ᠳᠠᠪᠬᠤᠷᠭ᠎ᠠ᠂ ᠣᠷᠣᠢ ᠶᠢᠨ ᠳᠠᠪᠬᠤᠷᠭ᠎ᠠ ᠶᠢᠨ ᠵᠢᠯᠣᠭᠤᠳᠬᠤ ᠲᠠᠰᠤᠭ ᠤᠨ ᠪᠠᠷᠢᠯᠭ᠎ᠠ ᠶᠢᠨ ᠲᠠᠯᠠᠪᠠᠢ ᠨᠢ 145 ᠳᠡᠭᠰᠢ ᠳᠥᠷᠪᠡᠯᠵᠢᠨ ᠮᠧᠲᠷ᠃ ᠠᠭᠠᠷ ᠤᠨ ᠬᠠᠮᠢᠶᠠᠷᠤᠯᠲᠠ ᠶᠢᠨ ᠰᠤᠪᠤᠷᠭ᠎ᠠ ᠨᠢ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠠᠰᠠᠷ ᠤᠨ ᠵᠡᠭᠦᠨ ᠲᠠᠯ᠎ᠠ ᠳᠤ  ᠪᠠᠶᠢᠷᠢᠰᠢᠵᠤ᠂ 2022 ᠣᠨ ᠤ 8 ᠰᠠᠷ᠎ᠠ ᠳᠤ ᠪᠠᠷᠢᠯᠭ᠎ᠠ ᠡᠬᠢᠯᠡᠭᠦᠯᠵᠦ᠂ ᠵᠢᠱᠢᠯᠲᠡ ᠪᠠᠷ ᠡᠨᠡ ᠵᠢᠯ ᠤᠨ ᠡᠴᠦᠰ ᠲᠤ ᠪᠠᠶᠢᠭᠤᠯᠵᠤ ᠳᠠᠭᠤᠰᠬᠠᠨ᠎ᠠ᠂  ᠲᠡᠷᠡ  ᠨᠢ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠶᠢᠨ ᠨᠢᠭᠡ ᠪᠠᠶᠢᠵᠤ᠂ ᠠᠰᠢᠭᠯᠠᠯᠲᠠ ᠳᠤ ᠣᠷᠣᠭᠰᠠᠨ ᠤ ᠳᠠᠷᠠᠭ᠎ᠠ ᠬᠤᠤᠰ ᠭᠦᠶᠦᠯᠲᠡ ᠶᠢᠨ ᠵᠠᠮ ᠤᠨ ᠠᠵᠢᠯᠯᠠᠭᠠᠨ ᠤ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠵᠢᠯᠣᠭᠤᠳᠬᠤ ᠴᠢᠳᠠᠮᠵᠢ ᠶᠢ ᠡᠭᠦᠷᠭᠡᠯᠡᠬᠦ ᠪᠣᠯᠤᠨ᠎ᠠ᠃      ᠠᠭᠠᠷ ᠤᠨ ᠬᠠᠮᠢᠶᠠᠷᠤᠯᠲᠠ ᠪᠣᠯ ᠠᠷᠠᠳ ᠤᠨ ᠠᠭᠠᠷ ᠤᠨ ᠲᠡᠭᠡᠭᠡᠪᠦᠷᠢ ᠶᠢᠨ ᠮᠡᠳᠡᠷᠡᠯ ᠤᠨ ᠲᠥᠪ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠢᠯᠯᠠᠭᠠᠨ ᠤ ᠦᠷ᠎ᠡ ᠪᠦᠲᠦᠮᠵᠢ ᠪᠣᠯᠤᠨ ᠠᠶᠤᠯᠭᠦᠢ ᠶᠢᠨ ᠦᠨᠳᠦᠰᠦᠨ ᠪᠠᠲᠤᠯᠠᠭ᠎ᠠ ᠪᠣᠯᠤᠨ᠎ᠠ᠃ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠭᠠᠷ ᠤᠨ ᠬᠠᠮᠢᠶᠠᠷᠤᠯᠲᠠ ᠶᠢᠨ ᠪᠠᠷᠢᠯᠭ᠎ᠠ ᠶᠢ ᠨᠢᠭᠡᠨᠲᠡ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ       ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ︽ᠠᠭᠠᠷ ᠤᠨ ᠲᠣᠷᠭᠠᠨ ᠵᠠᠮ︾ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠤᠯᠳᠠᠯᠭ᠎ᠠ ᠲᠠᠢ ᠢᠨᠵᠧᠨᠧᠷᠢᠩ ᠳᠤ ᠵᠢᠭᠰᠠᠭᠠᠨ ᠣᠷᠣᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠬᠤᠶᠠᠷ ᠱᠠᠲᠤᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠬᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ᠎ᠠ᠃ ᠶᠡᠷᠦᠩᠬᠡᠢ ᠪᠡᠯᠡ ᠣᠷᠣᠭᠤᠯᠤᠯᠲᠠ ᠨᠢ 6.8 ᠳ᠋ᠦᠩᠰᠢᠭᠤᠷ ᠲᠥᠭᠦᠷᠢᠭ᠂ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 18598 ᠲᠡᠭᠰᠢ ᠳᠥᠷᠪᠡᠯᠵᠢᠨ ᠮᠧᠲᠷ᠂ ᠰᠤᠪᠤᠷᠭ᠎ᠠ ᠶᠢᠨ ᠵᠠᠬᠢᠷᠤᠨ ᠬᠠᠮᠢᠶᠠᠷᠬᠤ ᠲᠣᠭᠤᠷᠢᠭ᠂ ᠠᠭᠠᠷ ᠤᠨ ᠬᠠᠮᠢᠶᠠᠷᠤᠯᠲᠠ ᠶᠢᠨ ᠠᠵᠢᠯᠯᠠᠬᠤ ᠲᠣᠭᠤᠷᠢᠭ ᠵᠡᠷᠭᠡ 7 ᠨᠢᠭᠡᠴᠢ ᠪᠠᠷᠢᠯᠭ᠎ᠠ ᠶᠢ ᠪᠠᠭᠲᠠᠭᠠᠵᠤ᠂ ᠠᠰᠢᠭᠯᠠᠯᠲᠠ ᠳᠤ ᠣᠷᠣᠭᠰᠠᠨ ᠤ ᠳᠠᠷᠠᠭ᠎ᠠ ᠰᠤᠪᠤᠷᠭ᠎ᠠ ᠠᠴᠠ ᠵᠢᠯ ᠳᠤ 19.2 ᠲᠦᠮᠡ ᠠᠴᠠ ᠳᠡᠭᠡᠭᠰᠢ ᠤᠳᠠᠭ᠎ᠠ ᠵᠠᠬᠢᠷᠤᠨ ᠬᠠᠮᠢᠶᠠᠷᠴᠤ᠂ ᠣᠷᠣᠨ ᠪᠦᠰᠡ ᠶᠢᠨ ᠳᠤᠮᠳᠠ ᠳᠣᠤᠷ᠎ᠠ ᠠᠭᠠᠷ ᠤᠨ ᠵᠢᠯ ᠳᠤ 32 ᠲᠦᠮᠡ ᠠᠴᠠ ᠳᠡᠭᠡᠭᠰᠢ ᠵᠠᠬᠢᠷᠤᠨ ᠬᠠᠮᠢᠶᠠᠷᠬᠤ ᠪᠣᠯᠤᠨ᠎ᠠ᠃     ᠴᠢᠬᠤᠯᠠ ᠢᠵᠢ ᠪᠦᠷᠢᠳᠦᠭᠦᠯᠬᠦ ᠪᠠᠷᠢᠯᠭ᠎ᠠ ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠭᠠᠷ ᠤᠨ ᠬᠠᠮᠢᠶᠠᠷᠤᠯᠲᠠ ᠶᠢᠨ ᠪᠠᠷᠢᠯᠭ᠎ᠠ ᠵᠥᠪᠰᠢᠶᠡᠷᠡᠭᠳᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠠᠭᠠᠷ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠪᠰᠤᠷᠤᠯᠭ᠎ᠠ ᠵᠢᠯᠣᠭᠤᠳᠣᠯᠭ᠎ᠠ ᠳᠣᠤᠷ᠎ᠠ᠂ 20 ᠰᠠᠷ᠎ᠠ ᠶᠢᠨ ᠬᠤᠭᠤᠴᠠᠭ᠎ᠠ ᠶᠢ ᠥᠩᠭᠡᠷᠡᠭᠡᠵᠦ᠂ ᠠᠭᠠᠷ ᠤᠨ ᠬᠠᠮᠢᠶᠠᠷᠤᠯᠲᠠ ᠶᠢᠨ ᠰᠤᠪᠤᠷᠭ᠎ᠠ ᠤᠷᠤᠭᠰᠢᠲᠠᠢ ᠳᠡᠭᠡᠪᠦᠷᠯᠡᠵᠦ᠂ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠭᠠᠷ ᠤᠨ ᠬᠠᠮᠢᠶᠠᠷᠤᠯᠲᠠ ᠶᠢᠨ ᠢᠨᠵᠧᠨᠧᠷᠢᠩ ᠪᠡᠯᠭᠡ ᠲᠡᠮᠳᠡᠭ ᠤᠨ ᠮᠠᠶ᠋ᠢᠭ ᠤᠨ ᠠᠬᠢᠴᠠ ᠲᠠᠢ ᠪᠣᠯᠣᠭᠰᠠᠨ ᠢ ᠬᠠᠷᠠᠭᠤᠯᠵᠤ᠂ ᠠᠰᠢᠭᠯᠠᠯᠲᠠ ᠳᠤ ᠣᠷᠣᠭᠤᠯᠬᠤ ᠳᠤ ᠨᠢᠭᠡ ᠠᠯᠬᠤᠮ ᠪᠠᠲᠤᠲᠠᠢ ᠠᠯᠬᠤᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ