ᠵᠣᠴᠢᠨ᠄ | ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠠᠴᠠ ᠪᠣᠯᠣᠭᠰᠠᠨ ᠭᠡᠮᠲᠦᠯ ᠤᠨ | ᠳᠠᠭᠠᠳᠬᠠᠯ ᠤᠨ ᠰᠠᠯᠠᠭᠠᠨ ᠤ ᠰᠠᠯᠠᠭᠠᠨ ᠳᠠᠷᠤᠭ᠎ᠠ ᠰᠢᠦᠢ ᠶᠢᠩ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠯᠠᠭᠠᠨ ᠤ ᠳᠡᠳ᠋ ᠰᠠᠯᠠᠭᠠᠨ | ᠳᠠᠷᠤᠭ᠎ᠠ ᠯᠢᠶᠠᠩ ᠿᠦᠩ | ᠬᠠᠮᠢᠶᠠᠷᠤᠭᠴᠢ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ | ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | ᠬᠥᠲᠥᠯᠥᠭᠴᠢ᠄ | ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠭᠡᠭᠴᠢ ᠶᠠᠭᠤ ᠪᠣᠢ︖ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠤᠨ | ᠪᠡᠶᠡᠴᠢ ᠴᠣᠭᠴᠠ ᠶᠢ ᠬᠡᠷᠬᠢᠨ ᠲᠣᠭᠲᠠᠭᠠᠭᠰᠠᠨ ᠪᠣᠢ︖ | ᠰᠢᠦᠢ ᠶᠢᠩ᠄ | ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠪᠣᠯ ᠠᠵᠢᠯ ᠠᠴᠠ ᠪᠣᠯᠣᠭᠰᠠᠨ ᠭᠡᠨᠡᠳᠡᠯ ᠤᠨ ᠬᠥᠨᠥᠭᠡᠯ ᠪᠤᠶᠤ ᠠᠵᠢᠯ ᠤᠨ ᠨᠥᠯᠥᠭᠡᠨ ᠤ | ᠡᠪᠡᠳᠴᠢᠨ ᠳᠤ ᠨᠡᠷᠪᠡᠭᠳᠡᠭᠰᠡᠨ ᠠᠵᠢᠯᠲᠠᠨ ᠤ ᠡᠮᠴᠢᠯᠡᠭᠡ ᠠᠪᠤᠷᠠᠯᠲᠠ ᠪᠠ ᠠᠵᠤ ᠠᠬᠤᠢ ᠶᠢᠨ ᠨᠥᠬᠦᠪᠦᠷᠢ ᠶᠢ ᠪᠠᠲᠤᠯᠠᠵᠤ᠂ ᠠᠵᠢᠯ ᠠᠴᠠ ᠪᠣᠯᠣᠭᠰᠠᠨ ᠭᠡᠮᠲᠦᠯ ᠢ | ᠰᠡᠷᠭᠡᠶᠢᠯᠡᠬᠦ ᠪᠠ ᠠᠵᠢᠯ ᠮᠡᠷᠭᠡᠵᠢᠯ ᠳᠤ ᠡᠷᠡᠭᠦᠯᠵᠢᠭᠦᠯᠵᠦ᠂ ᠬᠥᠮᠥᠨ ᠬᠡᠷᠡᠭᠯᠡᠬᠦ ᠨᠢᠭᠡᠴᠢ ᠶᠢᠨ ᠠᠵᠢᠯ ᠠᠴᠠ ᠪᠣᠯᠣᠭᠰᠠᠨ ᠭᠡᠮᠲᠦᠯ ᠤᠨ ᠠᠶᠤᠯ ᠲᠦᠭᠰᠢᠭᠦᠷᠢ ᠶᠢ | ᠨᠢᠮᠭᠡᠯᠡᠬᠦ ᠶᠢᠨ ᠲᠥᠯᠥᠭᠡ ᠶᠤᠮ᠃ | ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠤᠨ ᠪᠡᠶᠡᠴᠢ ᠴᠣᠭᠴᠠ᠄ ᠨᠢᠭᠡ ᠨᠢ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠤ | ᠪᠠᠶᠢᠭ᠎ᠠ ᠨᠢᠭᠡᠴᠢ᠃ ᠬᠤᠶᠠᠷ ᠨᠢ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠪᠤᠶᠤ ᠲᠡᠭᠦᠨ ᠤ ᠣᠶᠢᠷ᠎ᠠ ᠰᠠᠳᠤᠨ᠂ ᠠᠵᠢᠯᠲᠠᠨ ᠤ ᠡᠪᠯᠡᠯ ᠤᠨ ᠵᠣᠬᠢᠶᠠᠨ | ᠪᠠᠶᠢᠭᠤᠯᠤᠯᠲᠠ᠃ | ᠬᠥᠲᠥᠯᠥᠭᠴᠢ᠄ | ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠬᠤ ᠬᠤᠭᠤᠴᠠᠭ᠎ᠠ ᠵᠢᠴᠢ ᠬᠦᠯᠢᠶᠡᠨ ᠠᠪᠬᠤ ᠰᠠᠯᠠᠭ᠎ᠠ ᠮᠥᠴᠢᠷ ᠨᠢ ᠶᠠᠭᠤ ᠪᠤᠢ︖ | ᠯᠢᠶᠠᠩ ᠿᠦᠩ᠄ | ᠠᠵᠢᠯᠲᠠᠨ ᠠᠳᠡᠯ ᠭᠠᠷᠴᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠡᠪᠡᠳᠴᠢᠨ ᠢᠶᠠᠷ ᠣᠨᠣᠰᠢᠯᠠᠭᠳᠠᠠᠨ ᠬᠢᠨᠠᠨ ᠲᠣᠭᠲᠠᠭᠠᠭᠳᠠᠭᠰᠠᠨ | ᠪᠠᠶᠢᠪᠠᠯ᠂ ᠪᠠᠶᠢᠭ᠎ᠠ ᠨᠢᠭᠡᠴᠢ ᠨᠢ ᠠᠳᠡᠯ ᠭᠠᠷᠴᠤ ᠭᠡᠮᠲᠦᠭᠰᠡᠨ ᠡᠳᠦᠷ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠳᠠᠵᠤ ᠬᠢᠨᠠᠨ | ᠲᠣᠭᠲᠠᠭᠠᠭᠳᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠨᠡᠶᠢᠭᠡᠮ ᠤᠨ ᠳᠠᠭᠠᠳᠬᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠬᠤ ᠬᠡᠷᠡᠭᠲᠡᠢ᠃ | ᠬᠥᠮᠥᠨ ᠬᠡᠷᠡᠭᠯᠡᠬᠦ ᠨᠢᠭᠡᠴᠢ ᠡᠮᠦᠨᠡᠬᠢ ᠵᠦᠢᠯ ᠤᠨ ᠲᠣᠭᠲᠠᠭᠠᠯ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠭᠰᠠᠨ | ᠦᠭᠡᠢ ᠪᠠᠶᠢᠪᠠᠯ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠪᠤᠶᠤ ᠲᠡᠭᠦᠨ ᠤ ᠣᠶᠢᠷ᠎ᠠ ᠲᠦᠷᠦᠯ ᠰᠠᠳᠤᠨ᠂ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠠᠴᠠ ᠠᠳᠡᠯ ᠭᠠᠷᠴᠤ ᠭᠡᠮᠲᠦᠭᠰᠡᠨ ᠡᠳᠦᠷ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠳᠠᠵᠤ᠂ ᠬᠢᠨᠠᠨ ᠲᠣᠭᠲᠠᠭᠠᠭᠳᠠᠭᠰᠠᠨ | ᠡᠳᠦᠷ ᠠᠴᠠ ᠡᠬᠢᠯᠡᠨ 1 ᠵᠢᠯ ᠤᠨ ᠳᠣᠲᠣᠷ᠎ᠠ᠂ ᠬᠥᠮᠥᠨ ᠬᠡᠷᠡᠭᠯᠡᠬᠦ ᠨᠢᠭᠡᠴᠢ ᠶᠢᠨ ᠪᠠᠶᠢᠭ᠎ᠠ ᠭᠠᠵᠠᠷ ᠤᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ | ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠢ | ᠰᠢᠭᠤᠳ ᠳᠤᠷᠠᠳᠴᠤ ᠪᠣᠯᠣᠨ᠎ᠠ᠃ | ᠣᠳᠣᠬᠠᠨ ᠳᠤ᠂ ᠬᠥᠬᠡᠬᠤᠲᠠ ᠶᠢᠨ ᠬᠤᠰᠢᠭᠤ ᠰᠢᠶᠠᠨ ᠳᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠠᠵᠢᠯ ᠠᠴᠠ ᠪᠣᠯᠤᠭᠰᠠᠨ ᠭᠡᠮᠲᠦᠯ | ᠭᠠᠷᠪᠠᠯ᠂ ᠡᠯ᠎ᠡ ᠬᠤᠰᠢᠭᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯ ᠠᠴᠠ | ᠪᠣᠯᠤᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠵᠤ᠂ ᠬᠥᠬᠡᠬᠤᠲᠠ ᠶᠢᠨ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠪᠠ ᠥᠪᠡᠷᠲᠡᠭᠡᠨ ᠵᠠᠰᠠᠬᠤ | ᠣᠷᠣᠨ ᠤ ᠳᠠᠭᠠᠳᠬᠠᠯ ᠳᠤ ᠣᠷᠣᠯᠴᠠᠭᠰᠠᠨ ︵ᠬᠥᠮᠥᠨ ᠬᠡᠷᠡᠭᠯᠡᠬᠦ ᠨᠢᠭᠡᠴᠢ ᠨᠢ ᠬᠥᠬᠡᠬᠤᠲᠠ ᠳᠤ ᠪᠠᠶᠢᠬᠤ︶ ᠬᠥᠮᠥᠨ᠂ ᠬᠤᠲᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠨ᠎ᠠ᠃ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠦᠭᠡᠢ ᠪᠣᠯ ᠠᠵᠢᠯ ᠠᠴᠠ ᠪᠣᠯᠤᠭᠰᠠᠨ ᠭᠡᠮᠲᠦᠯ ᠤᠨ ᠠᠳᠡᠯ ᠭᠠᠷᠤᠭᠰᠠᠨ | ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯ ᠠᠴᠠ | ᠪᠣᠯᠤᠭᠰᠠᠨ ᠭᠡᠮᠲᠦᠯ ᠤᠨ ᠭᠤᠶᠤᠴᠢᠯᠠᠯ ᠭᠠᠷᠭᠠᠨ᠎ᠠ᠃ | ᠬᠥᠲᠥᠯᠥᠭᠴᠢ᠄ | ᠬᠥᠮᠥᠨ ᠬᠡᠷᠡᠭᠯᠡᠬᠦ ᠨᠢᠭᠡᠴᠢ ᠠᠴᠠ ᠠᠳᠡᠯ ᠤᠨ ᠬᠥᠨᠥᠭᠡᠯ ᠡᠭᠦᠰᠦᠭᠰᠡᠨ ᠤ 30 ᠡᠳᠦᠷ ᠤᠨ ᠳᠣᠲᠣᠷ᠎ᠠ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ | ᠭᠤᠶᠤᠴᠢᠯᠠᠯ ᠭᠠᠷᠭᠠᠭᠰᠠᠨ ᠦᠭᠡᠢ ᠪᠣᠯ ᠶᠠᠮᠠᠷ ᠦᠷ᠎ᠡ ᠳ᠋ᠦᠩ ᠢ ᠡᠭᠦᠷᠭᠡᠯᠡᠬᠦ ᠪᠤᠢ︖ | | | | ᠰᠢᠦᠢ ᠶᠢᠩ᠄ | ᠬᠥᠮᠥᠨ ᠬᠡᠷᠡᠭᠯᠡᠬᠦ ᠨᠢᠭᠡᠴᠢ ᠠᠴᠠ ᠠᠳᠡᠯ ᠤᠨ ᠬᠥᠨᠥᠭᠡᠯ ᠡᠭᠦᠰᠦᠭᠰᠡᠨ ᠤ 30 ᠡᠳᠦᠷ ᠤᠨ ᠳᠣᠲᠣᠷ᠎ᠠ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ | ᠭᠤᠶᠤᠴᠢᠯᠠᠯ ᠭᠠᠷᠭᠠᠭᠰᠠᠨ ᠦᠭᠡᠢ ᠪᠣᠯ᠂ ᠡᠨᠡ ᠬᠤᠭᠤᠴᠠᠭᠠᠨ ᠳᠤ ᠡᠭᠦᠰᠦᠭᠰᠡᠨ ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠳᠤ | ᠲᠣᠭᠲᠠᠭᠠᠭᠰᠠᠨ ᠠᠵᠢᠯ ᠠᠴᠠ ᠪᠣᠯᠣᠭᠰᠠᠨ ᠭᠡᠮᠲᠦᠯ ᠤᠨ ᠬᠠᠷᠠᠭᠠᠯᠵᠠᠯ ᠳᠤ ᠨᠡᠶᠢᠴᠡᠬᠦ ᠬᠠᠮᠢᠶ᠎ᠠ ᠪᠦᠬᠦᠢ ᠰᠦᠢᠳᠬᠡᠯ ᠢ ᠬᠥᠮᠥᠨ ᠬᠡᠷᠡᠭᠯᠡᠬᠦ ᠨᠢᠭᠡᠴᠢ ᠠᠴᠠ | ᠡᠭᠦᠷᠭᠡᠯᠡᠨ᠎ᠡ᠃ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠵᠥᠪᠬᠡᠨ ᠮᠠᠭᠠᠳᠯᠠᠭᠰᠠᠨ ᠤ ᠰᠡᠭᠦᠯᠡᠷ ᠡᠭᠦᠰᠦᠭᠰᠡᠨ ︽ | ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠳᠤ ᠲᠣᠭᠲᠠᠭᠠᠭᠰᠠᠨ ᠠᠵᠢᠯ ᠠᠴᠠ ᠪᠣᠯᠣᠭᠰᠠᠨ ᠭᠡᠮᠲᠦᠯ ᠤᠨ ᠬᠠᠷᠠᠭᠠᠯᠵᠠᠯ ᠳᠤ ᠨᠡᠶᠢᠴᠡᠬᠦ | ᠬᠠᠮᠢᠶ᠎ᠠ ᠪᠦᠬᠦᠢ ᠰᠦᠢᠳᠬᠡᠯ ᠳᠤ ᠲᠠᠩᠰᠠ ᠴᠠᠶᠢᠯᠭᠠᠨ᠎ᠠ᠃ | ᠬᠥᠲᠥᠯᠥᠭᠴᠢ᠄ | ᠠᠵᠢᠯᠲᠠᠨ ᠠᠵᠢᠯ ᠠᠴᠠ ᠪᠣᠯᠵᠤ ᠭᠡᠮᠲᠦᠪᠡᠯ ᠶᠠᠭᠠᠬᠢᠪᠠᠯ ᠵᠣᠬᠢᠬᠤ ᠪᠣᠢ︖ ᠪᠣᠳᠠᠲᠠᠢ ᠶᠠᠮᠠᠷ ᠶᠠᠮᠠᠷ ᠭᠤᠶᠤᠴᠢᠯᠠᠯ ᠭᠠᠷᠭᠠᠬᠤ ᠪᠣᠢ︖ | ᠰᠢᠦᠢ ᠶᠢᠩ᠄ | ᠠᠵᠢᠯᠲᠠᠨ ᠠᠵᠢᠯ ᠠᠴᠠ ᠪᠣᠯᠵᠤ ᠭᠡᠮᠲᠦᠪᠡᠯ ᠳᠠᠷᠤᠶᠢᠬᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠶᠢᠨ ᠬᠠᠮᠲᠤ ᠬᠥᠮᠥᠨ ᠬᠡᠷᠡᠭᠯᠡᠬᠦ | ᠨᠢᠭᠡᠴᠢ ᠳᠡᠭᠡᠨ ᠮᠡᠳᠡᠭᠦᠯᠬᠦ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠦᠭᠰᠡᠨ ᠡᠭᠦᠳᠡᠨ ᠡᠮᠨᠡᠯᠭᠡ ᠶᠢᠨ ᠡᠪᠡᠳᠴᠢᠨ ᠤ ᠲᠡᠦᠬᠡ᠂ ᠪᠠᠶᠢᠴᠠᠭᠠᠯᠲᠠ ᠶᠢᠨ | ᠮᠡᠳᠡᠭᠦᠯᠦᠯᠲᠡ ᠵᠢᠴᠢ ᠣᠨᠣᠰᠢᠯᠠᠭᠰᠠᠨ ᠭᠡᠷᠡᠴᠢ ᠵᠡᠷᠭᠡ ᠮᠠᠲ᠋ᠧᠷᠢᠶᠠᠯ ᠢᠶᠠᠨ ᠦᠯᠡᠳᠡᠭᠡᠬᠦ ᠬᠡᠷᠡᠭᠲᠡᠢ᠃ | ᠨᠢᠭᠡᠳᠦᠭᠡᠷ ᠠᠯᠬᠤᠮ᠂ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠬᠥᠮᠥᠨ ᠬᠡᠷᠡᠭᠯᠡᠬᠦ ᠨᠢᠭᠡᠴᠢ ᠠᠴᠠ ᠠᠳᠡᠵᠦ | ᠭᠡᠮᠲᠦᠭᠰᠡᠨ ᠡᠳᠦᠷ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠵᠤ ᠬᠢᠨᠠᠨ ᠲᠣᠭᠲᠠᠭᠠᠭᠰᠠᠨ ᠡᠳᠦᠷ ᠠᠴᠠ 30 ᠡᠳᠦᠷ ᠤᠨ ᠳᠣᠲᠣᠷ᠎ᠠ᠂ | ᠨᠢᠭᠡᠳᠦᠯᠲᠡᠢ ᠲᠥᠯᠥᠪᠯᠡᠬᠦ ᠣᠷᠣᠨ ᠤ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ | ᠮᠠᠭᠠᠳᠯᠠᠬᠤ ᠭᠤᠶᠤᠴᠢᠯᠠᠯ ᠭᠠᠷᠭᠠᠬᠤ ᠬᠡᠷᠡᠭᠲᠡᠢ᠃ ᠬᠡᠷᠪᠡ ᠬᠥᠮᠥᠨ ᠬᠡᠷᠡᠭᠯᠡᠬᠦ ᠨᠢᠭᠡᠴᠢ ᠠᠴᠠ 30 ᠡᠳᠦᠷ ᠤᠨ ᠳᠣᠲᠣᠷ᠎ᠠ ᠭᠤᠶᠤᠴᠢᠯᠠᠯ ᠭᠠᠷᠭᠠᠭᠰᠠᠨ ᠦᠭᠡᠢ | ᠪᠣᠯ᠂ ᠭᠡᠮᠲᠦᠭᠰᠡᠨ ᠠᠵᠢᠯᠲᠠᠨ ᠪᠤᠶᠤ ᠣᠶᠢᠷ᠎ᠠ ᠲᠥᠷᠥᠯ ᠰᠠᠳᠤᠨ ᠨᠢ ᠠᠳᠡᠵᠦ ᠭᠡᠮᠲᠦᠭᠰᠡᠨ ᠡᠳᠦᠷ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ | ᠣᠨᠣᠰᠢᠯᠠᠵᠤ ᠬᠢᠨᠠᠨ ᠲᠣᠭᠲᠠᠭᠠᠭᠰᠠᠨ ᠡᠳᠦᠷ ᠠᠴᠠ 1 ᠵᠢᠯ ᠤᠨ ᠳᠣᠲᠣᠷ᠎ᠠ ᠭᠤᠶᠤᠴᠢᠯᠠᠯ ᠭᠠᠷᠭᠠᠵᠤ ᠪᠣᠯᠣᠨ᠎ᠠ᠃ 1 ᠵᠢᠯ ᠤᠨ ᠳᠣᠲᠣᠷ᠎ᠠ ᠭᠤᠶᠤᠴᠢᠯᠠᠯ | ᠭᠠᠷᠭᠠᠭᠰᠠᠨ ᠦᠭᠡᠢ ᠪᠣᠯ ᠲᠠᠬᠢᠵᠤ ᠬᠦᠯᠢᠶᠡᠨᠰᠢᠢᠳᠪᠦᠷᠢᠯᠡᠬᠦ ᠦᠭᠡᠢ᠃ | ᠬᠤᠶᠠᠳᠤᠭᠠᠷ ᠠᠯᠬᠤᠮ᠂ ᠬᠥᠳᠡᠯᠮᠦᠷᠢᠯᠡᠬᠦ ᠴᠢᠳᠠᠪᠤᠷᠢ ᠶᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠠᠵᠢᠯ ᠠᠴᠠ ᠪᠣᠯᠵᠤ ᠭᠡᠮᠲᠦᠭᠰᠡᠨ ᠠᠵᠢᠯᠲᠠᠨ | ᠠᠵᠢᠯ ᠠᠴᠠ ᠪᠣᠯᠣᠭᠰᠠᠨ ᠭᠡᠮᠲᠦᠯ ᠢᠶᠠᠷ ᠵᠥᠪᠰᠢᠶᠡᠷᠡᠭᠳᠡᠭᠰᠡᠨ ᠮᠥᠷᠲᠡᠭᠡᠨ ᠡᠮᠴᠢᠯᠡᠭᠡ ᠶᠢᠨ ᠳᠠᠷᠠᠭ᠎ᠠ ᠵᠡᠮᠳᠡᠭ ᠪᠣᠯᠣᠭᠰᠠᠨ ᠪᠤᠶᠤ ᠬᠥᠳᠡᠯᠮᠦᠷᠢᠯᠡᠬᠦ ᠴᠢᠳᠠᠪᠤᠷᠢ ᠶᠢ | ᠨᠥᠯᠥᠭᠡᠯᠡᠭᠰᠡᠨ ᠪᠣᠯ ᠬᠤᠲᠠ ᠶᠢᠨ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠵᠥᠪᠯᠡᠯ ᠳᠤ ᠬᠥᠳᠡᠯᠮᠦᠷᠢᠯᠡᠬᠦ ᠴᠢᠳᠠᠪᠤᠷᠢ ᠶᠢ ᠮᠠᠭᠠᠳᠯᠠᠬᠤ ᠭᠤᠶᠤᠴᠢᠯᠠᠯ | ᠭᠠᠷᠭᠠᠵᠤ ᠪᠣᠯᠣᠨ᠎ᠠ᠃ | ᠭᠤᠷᠪᠠᠳᠤᠭᠠᠷ ᠠᠯᠬᠤᠮ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ ᠢ ᠮᠡᠳᠡᠭᠦᠯᠦᠨ᠎ᠡ᠃ ᠠᠵᠢᠯ ᠠᠴᠠ ᠪᠣᠯᠵᠤ ᠭᠡᠮᠲᠦᠭᠰᠡᠨ | ᠠᠵᠢᠯᠲᠠᠨ ᠠᠵᠢᠯ ᠠᠴᠠ ᠪᠣᠯᠣᠭᠰᠠᠨ ᠭᠡᠮᠲᠦᠯ ᠢᠶᠠᠷ ᠵᠥᠪᠰᠢᠶᠡᠷᠡᠭᠳᠡᠭᠰᠡᠨ ᠪᠣᠯ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠢ ᠭᠠᠷᠳᠠᠨ ᠭᠦᠢᠴᠡᠳᠬᠡᠬᠦ | ᠪᠠᠶᠢᠭᠤᠯᠤᠮᠵᠢ ᠳᠤ ᠡᠮᠨᠡᠭᠦᠯᠬᠦ ᠬᠤᠭᠤᠴᠠᠭᠠᠨ ᠤ ᠬᠠᠷᠠᠭᠠᠯᠵᠠᠯ ᠢ ᠭᠤᠶᠤᠴᠢᠯᠠᠨ᠎ᠠ᠃ ᠬᠡᠷᠪᠡ ᠬᠤᠲᠠ ᠶᠢᠨ ᠲᠡᠰ ᠤᠨ ᠬᠥᠳᠡᠯᠮᠦᠷᠢᠯᠡᠬᠦ ᠴᠢᠳᠠᠪᠤᠷᠢ ᠶᠢ ᠬᠢᠨᠠᠨ | ᠲᠣᠭᠲᠠᠭᠠᠬᠤ ᠵᠥᠪᠯᠡᠯ ᠠᠴᠠ 1 -10 ᠲᠡᠰ ᠢᠶᠠᠷ ᠬᠢᠨᠠᠨ ᠲᠣᠭᠲᠠᠭᠠᠭᠰᠠᠨ ᠪᠣᠯ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠢ ᠭᠠᠷᠳᠠᠨ | ᠭᠦᠢᠴᠡᠳᠬᠡᠬᠦ ᠪᠠᠶᠢᠭᠤᠯᠤᠮᠵᠢ ᠠᠴᠠ ᠠᠵᠢᠯ ᠠᠴᠠ ᠪᠣᠯᠵᠤ ᠰᠢᠷᠬᠠᠳᠤᠵᠤ ᠭᠡᠮᠲᠦᠭᠰᠡᠨ ᠵᠡᠮᠳᠡᠭᠴᠦᠳ ᠤᠨ ᠬᠠᠷᠠᠭᠠᠯᠵᠠᠯ ᠭᠤᠶᠤᠴᠢᠯᠠᠵᠤ ᠪᠣᠯᠣᠨ᠎ᠠ᠃ | ᠬᠥᠲᠥᠯᠥᠭᠴᠢ᠄ | ᠠᠵᠢᠯᠲᠠᠨ ᠤ ᠶᠠᠮᠠᠷ ᠪᠠᠶᠢᠳᠠᠯ ᠢ ᠠᠵᠢᠯ ᠠᠴᠠ ᠪᠣᠯᠣᠭᠰᠠᠨ ᠭᠡᠮᠲᠦᠯ ᠡᠰᠡᠬᠦᠯ᠎ᠡ ᠠᠵᠢᠯ ᠠᠴᠠ ᠪᠣᠯᠣᠭᠰᠠᠨ ᠭᠡᠮᠲᠦᠯ ᠲᠠᠢ ᠠᠳᠠᠯᠢ ᠪᠠᠷ ᠬᠢᠨᠠᠨ ᠲᠣᠭᠲᠠᠭᠠᠬᠤ | ᠪᠤᠢ︖ | ᠯᠢᠶᠠᠩ ᠿᠦᠩ᠄ | ᠳᠣᠣᠷ᠎ᠠ ᠬᠡᠳᠦᠨ ᠵᠦᠢᠯ ᠤᠨ ᠪᠠᠶᠢᠳᠠᠯ ᠳᠣᠣᠷ᠎ᠠ ᠠᠵᠢᠯ ᠠᠴᠠ ᠪᠣᠯᠣᠭᠰᠠᠨ ᠭᠡᠮᠲᠦᠯ ᠢᠶᠠᠷ ᠬᠢᠨᠠᠨ ᠲᠣᠭᠲᠠᠭᠠᠨ᠎ᠠ᠄ | ︵ᠨᠢᠭᠡ︶ ᠠᠵᠢᠯ ᠤᠨ ᠴᠠᠭ ᠪᠠ ᠠᠵᠢᠯ ᠤᠨ ᠭᠠᠵᠠᠷ ᠲᠤ ᠠᠵᠢᠯ ᠤᠨ ᠰᠢᠯᠲᠠᠭᠠᠨ ᠠᠴᠠ ᠪᠣᠯᠵᠤ ᠠᠳᠡᠵᠦ ᠭᠡᠮᠲᠦᠭᠰᠡᠨ︔ | ︵ᠬᠤᠶᠠᠷ︶ ᠠᠵᠢᠯᠯᠠᠬᠤ ᠴᠠᠭ ᠤᠨ ᠤᠷᠢᠳ ᠬᠤᠵᠢᠳ ᠠᠵᠢᠯᠯᠠᠬᠤ ᠭᠠᠵᠠᠷ ᠲᠤ ᠠᠵᠢᠯ ᠲᠠᠢ ᠬᠤᠯᠪᠣᠭᠳᠠᠬᠤ ᠪᠡᠯᠡᠳᠬᠡᠯ ᠤᠨ ᠴᠢᠨᠠᠷᠲᠠᠢ ᠪᠤᠶᠤ ᠰᠡᠬᠦᠯ | ᠬᠤᠷᠢᠶᠠᠬᠤ ᠴᠢᠨᠠᠷᠲᠠᠢ ᠠᠵᠢᠯ ᠢ ᠬᠢᠭᠡᠳ ᠠᠳᠡᠵᠦ ᠭᠡᠮᠲᠦᠭᠰᠡᠨ︔ | ︵ᠭᠤᠷᠪᠠ︶ ᠠᠵᠢᠯᠯᠠᠬᠤ ᠴᠠᠭ ᠪᠠ ᠠᠵᠢᠯ ᠤᠨ ᠭᠠᠵᠠᠷ ᠲᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠪᠣᠯᠵᠤ | ᠬᠦᠴᠦᠷᠬᠡᠭᠯᠡᠯ ᠵᠡᠷᠭᠡ ᠰᠠᠨᠠᠭᠠᠨ ᠳᠤ ᠦᠭᠡᠢ ᠭᠡᠮᠲᠦᠯ ᠳᠤ ᠤᠴᠠᠷᠠᠭᠰᠠᠨ︔ | ︵ᠳᠥᠷᠪᠡ︶ ᠠᠵᠢᠯ ᠤᠨ ᠨᠥᠯᠥᠭᠡᠨ ᠤ ᠡᠪᠡᠳᠴᠢᠨ ᠣᠯᠣᠭᠰᠠᠨ︔ | ︵ᠲᠠᠪᠤ︶ ᠠᠵᠢᠯ ᠢᠶᠠᠷ ᠭᠠᠳᠠᠭᠰᠢ ᠭᠠᠷᠤᠭᠰᠠᠨ ᠬᠤᠭᠤᠴᠠᠭᠠᠨ ᠳᠤ ᠠᠵᠢᠯ ᠤᠨ ᠰᠢᠯᠲᠠᠭᠠᠨ ᠠᠴᠠ ᠪᠣᠯᠵᠤ ᠭᠡᠮᠲᠦᠭᠰᠡᠨ ᠪᠤᠶᠤ ᠠᠳᠡᠯ ᠭᠠᠷᠤᠭᠠᠳ ᠰᠤᠷᠠᠭ | ᠦᠭᠡᠢ ᠪᠣᠯᠤᠭᠰᠠᠨ︔ | ︵ᠵᠢᠷᠭᠤᠭ᠎ᠠ︶ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠠᠮ ᠳᠠᠭᠠᠨ ᠲᠤᠰ ᠬᠥᠮᠥᠨ ᠤ ᠭᠤᠣᠯ ᠬᠠᠷᠢᠭᠤᠴᠠᠯᠭ᠎ᠠ ᠶᠢᠨ ᠪᠤᠰᠤ ᠵᠠᠮ | ᠬᠠᠷᠢᠯᠴᠠᠭᠠᠨ ᠤ ᠠᠳᠡᠯ ᠪᠤᠶᠤ ᠬᠤᠳᠠ ᠶᠢᠨ ᠵᠢᠮᠳᠤ ᠵᠠᠮ ᠬᠠᠷᠢᠯᠴᠠᠭ᠎ᠠ᠂ ᠠᠶᠠᠨᠴᠢᠳ ᠤᠨ ᠲᠡᠭᠡᠭᠡᠪᠦᠷᠢ ᠣᠩᠭᠤᠴᠠ᠂ ᠭᠠᠯᠲᠤ ᠲᠡᠷᠭᠡᠨ ᠤ ᠠᠳᠡᠯ ᠠᠴᠠ ᠪᠣᠯᠵᠤ | ᠭᠡᠮᠲᠦᠭᠰᠡᠨ︔ | ︵ᠲᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠢᠯ ᠠᠴᠠ ᠪᠣᠯᠤᠭᠰᠠᠨ ᠭᠡᠮᠲᠦᠯ ᠭᠡᠵᠦ ᠬᠢᠨᠠᠨ | ᠲᠣᠭᠲᠠᠭᠠᠬᠤ ᠶᠣᠰᠣᠲᠠᠢ ᠪᠤᠰᠤᠳ ᠪᠠᠶᠢᠳᠠᠯ ᠤᠳ᠃ | ᠳᠣᠣᠷ᠎ᠠ ᠬᠡᠳᠦᠨ ᠵᠦᠢᠯ ᠤᠨ ᠪᠠᠶᠢᠳᠠᠯ ᠳᠣᠣᠷ᠎ᠠ ᠠᠵᠢᠯ ᠠᠴᠠ ᠪᠣᠯᠣᠭᠰᠠᠨ ᠭᠡᠮᠲᠦᠯ ᠲᠠᠢ ᠠᠳᠠᠯᠢ ᠪᠠᠷ ᠬᠢᠨᠠᠨ ᠲᠣᠭᠲᠠᠭᠠᠨ᠎ᠠ᠄ | ︵ᠨᠢᠭᠡ︶ ᠠᠵᠢᠯ ᠤᠨ ᠴᠠᠭ ᠪᠠ ᠠᠵᠢᠯ ᠤᠨ ᠪᠠᠶᠢᠷᠢᠨ ᠳᠡᠭᠡᠷ᠎ᠡ᠂ ᠭᠡᠨᠡᠳᠲᠡ ᠶᠢᠨ ᠡᠪᠡᠳᠴᠢᠨ ᠢᠶᠠᠷ ᠦᠬᠦᠭᠰᠡᠨ ᠪᠤᠶᠤ 48 ᠴᠠᠭ ᠤᠨ ᠳᠣᠲᠣᠷ᠎ᠠ | ᠠᠪᠤᠷᠠᠭᠠᠳ ᠲᠤᠰᠠ ᠪᠣᠯᠣᠭᠰᠠᠨ ᠦᠭᠡᠢ ᠦᠬᠦᠭᠰᠡᠨ︔ | ︵ᠬᠤᠶᠠᠷ︶ ᠠᠶᠤᠯ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠵᠡᠷᠭᠡ ᠤᠯᠤᠰ ᠤᠨ ᠠᠰᠢᠭ ᠲᠤᠰᠠ᠂ ᠣᠯᠠᠨ ᠨᠡᠶᠢᠲᠡ ᠶᠢᠨ ᠠᠰᠢᠭ ᠲᠤᠰᠠ ᠶᠢ | ᠬᠠᠮᠠᠭᠠᠯᠠᠬᠤ ᠠᠵᠢᠯᠯᠠᠭ᠎ᠠ ᠳᠤᠮᠳᠠ ᠰᠢᠷᠬᠠᠳᠤᠵᠤ ᠭᠡᠮᠲᠦᠭᠰᠡᠨ︔ | ︵ᠭᠤᠷᠪᠠ︶ ᠠᠵᠢᠯᠲᠠᠨ ᠤᠤᠯ ᠨᠢ ᠴᠡᠷᠢᠭ ᠲᠤ ᠶᠠᠪᠤᠵᠤ᠂ ᠳᠠᠶᠢᠨ ᠤ ᠰᠢᠯᠲᠠᠭᠠᠨ᠂ ᠠᠯᠪᠠᠨ ᠤ ᠲᠥᠯᠥᠭᠡ ᠰᠢᠷᠬᠠᠳᠤᠵᠤ ᠵᠡᠮᠳᠡᠭ ᠪᠣᠯᠵᠤ᠂ | ᠬᠤᠪᠢᠰᠬᠠᠯ ᠤᠨ ᠵᠡᠮᠳᠡᠭ ᠴᠡᠷᠢᠭ ᠤᠨ ᠦᠨᠡᠮᠯᠡᠯ ᠣᠯᠵᠤ᠂ ᠬᠥᠮᠥᠨ ᠬᠡᠷᠡᠭᠯᠡᠬᠦ ᠨᠢᠭᠡᠴᠢ ᠳᠤ ᠢᠷᠡᠭᠡᠳ ᠬᠠᠭᠤᠴᠢᠨ ᠰᠢᠷᠬ᠎ᠠ ᠨᠢ ᠳᠠᠬᠢᠭᠰᠠᠨ︔ | ᠬᠥᠲᠥᠯᠥᠭᠴᠢ᠄ | ᠠᠵᠢᠯ ᠠᠴᠠ ᠪᠣᠯᠣᠭᠰᠠᠨ ᠭᠡᠮᠲᠦᠯ ᠢ ᠬᠢᠨᠠᠨ ᠲᠣᠭᠲᠠᠭᠠᠬᠤ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠬᠡᠷᠡᠭᠲᠡᠢ ᠪᠣᠢ︖ | ᠰᠢᠦᠢ ᠶᠢᠩ᠄ | ︵ᠨᠢᠭᠡ︶ ᠠᠵᠢᠯ ᠠᠴᠠ ᠪᠣᠯᠣᠭᠰᠠᠨ ᠭᠡᠮᠲᠦᠯ ᠢ ᠬᠢᠨᠠᠨ ᠲᠣᠭᠲᠠᠭᠠᠬᠤ ᠭᠤᠶᠤᠴᠢᠯᠠᠯ ᠤᠨ ᠬᠥᠰᠥᠨᠥᠭᠲᠦ︔ | ︵ᠬᠤᠶᠠᠷ︶ ᠬᠥᠮᠥᠨ ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠬᠠᠷᠢᠴᠠᠭ᠎ᠠ ︵ᠪᠣᠳᠠᠲᠠᠢ ᠬᠥᠳᠡᠯᠮᠦᠷᠢ ᠶᠢᠨ ᠬᠠᠷᠢᠴᠠᠭ᠎ᠠ ᠪᠠᠭᠲᠠᠨ᠎ᠠ︶ ᠲᠠᠢ ᠭᠡᠰᠡᠨ ᠢ | ᠭᠡᠷᠡᠴᠢᠯᠡᠬᠦ ᠮᠠᠲ᠋ᠧᠷᠢᠶᠠᠯ︔ | ︵ᠭᠤᠷᠪᠠ︶ ᠡᠮᠴᠢᠯᠡᠭᠡᠨ ᠤ ᠣᠨᠣᠰᠢᠯᠠᠯᠲᠠ ᠶᠢᠨ ᠪᠢᠴᠢᠭ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠣᠨᠣᠰᠢᠯᠠᠯᠲᠠ ᠶᠢᠨ ᠪᠢᠴᠢᠭ ︵ᠡᠰᠡᠬᠦᠯ᠎ᠡ | ᠠᠵᠢᠯ ᠤᠨ ᠨᠥᠯᠥᠭᠡᠨ ᠤ ᠡᠪᠡᠳᠴᠢᠨ ᠤ ᠣᠨᠣᠰᠢᠯᠠᠯᠲᠠ ᠶᠢ ᠬᠢᠨᠠᠨ ᠲᠣᠭᠲᠠᠭᠠᠭᠰᠠᠨ ᠪᠢᠴᠢᠭ︶᠃ | ᠬᠥᠲᠥᠯᠥᠭᠴᠢ᠄ | ᠠᠵᠢᠯ ᠠᠴᠠ ᠪᠣᠯᠵᠤ ᠭᠡᠮᠲᠦᠭᠰᠡᠨ ᠤ ᠳᠠᠷᠠᠭ᠎ᠠ᠂ ᠬᠥᠮᠥᠨ ᠬᠡᠷᠡᠭᠯᠡᠬᠦ ᠨᠢᠭᠡᠴᠢ ᠠᠴᠠ ᠬᠠᠮᠢᠶᠠᠷᠬᠤ ᠦᠭᠡᠢ ᠪᠥᠭᠡᠳ ᠬᠤᠪᠢ ᠬᠥᠮᠥᠨ ᠨᠢ ᠬᠥᠳᠡᠯᠮᠦᠷᠢ ᠶᠢᠨ | ᠭᠡᠷ᠎ᠡ ᠬᠠᠩᠭᠠᠵᠤ ᠳᠡᠶᠢᠯᠬᠦ ᠦᠭᠡᠢ ᠪᠣᠯ ᠶᠠᠭᠠᠬᠢᠬᠤ ᠪᠤᠢ︖ | ᠰᠢᠦᠢ ᠶᠢᠩ᠄ | ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠠᠵᠢᠯ ᠠᠴᠠ ᠪᠣᠯᠣᠭᠰᠠᠨ | ᠭᠡᠮᠲᠦᠯ ᠢ ᠮᠠᠭᠠᠳᠯᠠᠬᠤ ᠶᠢ ᠭᠤᠶᠤᠴᠢᠯᠠᠬᠤ ᠳᠤ ᠡᠷᠬᠡᠪᠰᠢ ᠬᠥᠮᠥᠨ ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠬᠠᠷᠢᠴᠠᠭ᠎ᠠ ︵ᠪᠣᠳᠠᠲᠠᠢ ᠬᠥᠳᠡᠯᠮᠦᠷᠢ ᠶᠢᠨ | ᠬᠠᠷᠢᠴᠠᠭ᠎ᠠ ᠪᠠᠭᠲᠠᠨ᠎ᠠ︶ ᠪᠠᠶᠢᠬᠤ ᠶᠢ ᠭᠡᠷᠡᠴᠢᠯᠡᠬᠦ ᠮᠠᠲ᠋ᠧᠷᠢᠶᠠᠯ ᠪᠠᠶᠢᠬᠤ ᠬᠡᠷᠡᠭᠲᠡᠢ᠂ ᠬᠡᠷᠪᠡ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠡᠭᠦᠨ ᠢ ᠬᠠᠩᠭᠠᠵᠤ | ᠳᠡᠶᠢᠯᠬᠦ ᠦᠭᠡᠢ ᠪᠣᠯ᠂ ᠠᠳᠡᠯ ᠭᠠᠷᠤᠭᠰᠠᠨ ᠭᠠᠵᠠᠷ ᠤᠨ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ | ᠵᠥᠪᠯᠡᠯ ᠳᠤ ᠬᠦᠷᠴᠦ ᠬᠥᠮᠥᠨ ᠬᠡᠷᠡᠭᠯᠡᠬᠦ ᠨᠢᠭᠡᠴᠢ ᠯᠦᠭᠡ ᠶᠢᠨ ᠬᠥᠳᠡᠯᠮᠦᠷᠢ ᠶᠢᠨ ᠬᠠᠷᠢᠴᠠᠭ᠎ᠠ ᠪᠠᠨ ᠲᠣᠭᠲᠠᠭᠠᠯᠭᠠᠵᠤ᠂ ᠲᠠᠬᠢᠨ ᠨᠢᠭᠡᠳᠦᠯᠲᠡᠢ ᠲᠥᠯᠥᠪᠵᠢᠭᠦᠯᠬᠦ | ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠴᠦ ᠠᠵᠢᠯ ᠠᠴᠠ ᠪᠣᠯᠣᠭᠰᠠᠨ ᠭᠡᠮᠲᠦᠯ ᠢ | ᠮᠠᠭᠠᠳᠯᠠᠭᠤᠯᠵᠤ ᠪᠣᠯᠣᠨ᠎ᠠ᠃ | ᠬᠥᠲᠥᠯᠥᠭᠴᠢ᠄ | ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠶᠢ ᠶᠠᠭᠠᠬᠢᠵᠤ ᠭᠤᠶᠤᠴᠢᠯᠠᠬᠤ ᠪᠤᠢ︖ | ᠯᠢᠶᠠᠩ ᠿᠦᠩ᠄ | ᠣᠳᠣ ᠰᠦᠯᠵᠢᠶᠡᠨ ᠳᠡᠭᠡᠷ᠎ᠡ ᠭᠤᠶᠤᠴᠢᠯᠠᠨ᠎ᠠ᠂ ᠬᠥᠮᠥᠨ ᠬᠡᠷᠡᠭᠯᠡᠬᠦ ᠨᠢᠭᠡᠴᠢ ᠪᠠ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠥᠪᠥᠷ ᠮᠣᠩᠭᠤᠯ ᠤᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠰᠦᠯᠵᠢᠶᠡᠨ ᠤ ᠰᠦᠯᠵᠢᠶᠡᠨ ᠳᠡᠭᠡᠷ᠎ᠡ ᠤᠴᠢᠷ ᠭᠦᠢᠴᠡᠳᠬᠡᠬᠦ | ᠰᠤᠪᠠᠭ ᠢᠶᠠᠷ ᠳᠠᠮᠵᠢᠨ ᠭᠤᠶᠤᠴᠢᠯᠠᠵᠤ ᠪᠣᠯᠣᠨ᠎ᠠ᠂ ᠬᠤᠪᠢ ᠬᠥᠮᠥᠨ ᠪᠠᠰᠠ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ APP ᠳᠡᠭᠡᠷ᠎ᠡ ᠳᠠᠩᠰᠠᠯᠠᠭᠤᠯᠵᠤ ᠭᠤᠶᠤᠴᠢᠯᠠᠵᠤ ᠪᠣᠯᠣᠨ᠎ᠠ᠃ | ᠰᠦᠯᠵᠢᠶᠡᠨ ᠳᠡᠭᠡᠷ᠎ᠡ ᠭᠤᠶᠤᠴᠢᠯᠠᠬᠤ ᠳᠤ ᠦᠨᠡᠬᠡᠷᠡᠨ ᠬᠦᠴᠢᠷ ᠲᠠᠢ ᠪᠣᠯ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠤᠶᠠᠳᠤᠭᠠᠷ ᠳᠠᠪᠬᠤᠷᠭ᠎ᠠ ᠳᠤ ᠭᠠᠷᠴᠤ ᠶᠡᠷᠦᠩᠬᠡᠶᠢᠯᠡᠭᠰᠡᠨ ᠴᠣᠩᠬᠤᠨ ᠳᠡᠭᠡᠷ᠎ᠡ ᠭᠦᠢᠴᠡᠳᠬᠡᠵᠦ ᠪᠣᠯᠣᠨ᠎ᠠ᠃ | ᠬᠥᠲᠥᠯᠥᠭᠴᠢ᠄ | ᠶᠠᠮᠠᠷ ᠶᠠᠮᠠᠷ ᠪᠠᠶᠢᠳᠠᠯ ᠳᠣᠣᠷ᠎ᠠ ᠠᠵᠢᠯ ᠠᠴᠠ ᠪᠣᠯᠣᠭᠰᠠᠨ ᠭᠡᠮᠲᠦᠯ ᠪᠤᠶᠤ ᠲᠡᠭᠦᠨ ᠲᠠᠢ ᠠᠳᠠᠯᠢ ᠪᠠᠷ ᠮᠠᠭᠠᠳᠯᠠᠬᠤ ᠦᠭᠡᠢ ᠪᠤᠢ︖ ᠵᠢᠱᠢᠶ᠎ᠡ ᠲᠠᠲᠠᠵᠤ | ᠶᠠᠷᠢᠬᠤ ᠪᠣᠯᠪᠠᠤ︖ | ᠰᠢᠦᠢ ᠶᠢᠩ᠄ | ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠠᠷᠪᠠᠨ ᠳᠥᠷᠪᠡᠳᠦᠭᠡᠷ ᠵᠦᠢᠯ᠂ ᠠᠷᠪᠠᠨ ᠲᠠᠪᠤᠳᠤᠭᠠᠷ ᠵᠦᠢᠯ ᠤᠨ | ᠲᠣᠭᠲᠠᠭᠠᠯ ᠳᠤ ᠨᠡᠶᠢᠴᠡᠬᠦ ᠪᠣᠯᠪᠠᠴᠤ ᠳᠣᠣᠷᠠᠬᠢ ᠪᠠᠶᠢᠳᠠᠯ ᠤᠨ ᠨᠢᠭᠡ ᠶᠢ ᠬᠠᠩᠭᠠᠪᠠᠯ᠂ ᠠᠵᠢᠯ ᠠᠴᠠ ᠪᠣᠯᠣᠭᠰᠠᠨ ᠭᠡᠮᠲᠦᠯ ᠪᠤᠶᠤ ᠲᠡᠭᠦᠨ ᠲᠠᠢ ᠠᠳᠠᠯᠢ ᠪᠠᠷ | ᠮᠠᠭᠠᠳᠯᠠᠬᠤ ᠦᠭᠡᠢ᠄ | ︵ᠨᠢᠭᠡ︶ ᠵᠣᠷᠢᠭᠤᠳᠠ ᠶᠠᠯ᠎ᠠ ᠬᠢᠭᠰᠡᠨ︔ | ︵ᠬᠤᠶᠠᠷ︶ ᠰᠣᠭᠲᠣᠭᠰᠠᠨ ᠪᠤᠶᠤ ᠬᠤᠣᠷ ᠲᠠᠲᠠᠭᠰᠠᠨ︔ | ︵ᠭᠤᠷᠪᠠ︶ ᠥᠪᠡᠷ ᠢ ᠪᠠᠨ ᠭᠡᠮᠲᠦᠭᠡᠭᠰᠡᠨ ᠪᠤᠶᠤ ᠪᠡᠶ᠎ᠡ ᠪᠠᠨ ᠬᠤᠣᠷᠯᠠᠭᠰᠠᠨ᠃ | ᠵᠢᠱᠢᠶᠡᠯᠡᠪᠡᠯ᠄ ᠶᠠᠮᠠᠷ ᠨᠢᠭᠡ ᠨᠢᠭᠡᠴᠢ ᠶᠢᠨ ᠠᠵᠢᠯᠲᠠᠨ ᠯᠢᠦ ᠣᠪᠣᠭᠲᠤ᠂ ᠠᠵᠢᠯ ᠤᠨ ᠡᠭᠦᠷᠭᠡ ᠪᠠᠷ ᠮᠠᠰᠢᠨ ᠪᠠᠷᠢᠨ ᠭᠠᠳᠠᠭᠰᠢ ᠭᠠᠷᠴᠤ ᠲᠡᠷᠭᠡᠨ | ᠠᠳᠡᠯ ᠢᠶᠠᠷ ᠰᠢᠷᠬᠠᠳᠤᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠠᠴᠠ ᠯᠢᠦ ᠣᠪᠣᠭᠲᠤ ᠶᠢ ᠰᠣᠭᠲᠣᠭᠤ ᠪᠠᠷ ᠮᠠᠰᠢᠨ ᠵᠢᠯᠣᠭᠤᠳᠤᠭᠰᠠᠨ᠂ | ᠲᠤᠰ ᠠᠳᠡᠯ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠬᠦ ᠪᠠᠷ ᠮᠠᠭᠠᠳᠯᠠᠪᠠ᠃ ᠯᠢᠦ ᠣᠪᠣᠭᠲᠤ ᠶᠢᠨ ᠠᠳᠡᠯ ᠤᠨ ᠭᠡᠮᠲᠦᠯ ᠨᠢ ᠬᠡᠳᠦᠶᠢᠪᠡᠷ ︽ᠠᠵᠢᠯ ᠠᠴᠠ | ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ᠲᠠᠪᠤᠳᠤᠭᠠᠷ ᠵᠤᠷᠪᠤᠰ ᠤᠨ ᠠᠵᠢᠯ ᠠᠴᠠ ᠪᠣᠯᠣᠭᠰᠠᠨ | ᠭᠡᠮᠲᠦᠯ ᠳᠤ ᠪᠣᠯᠪᠠᠴᠤ᠂ ᠯᠢᠦ ᠣᠪᠣᠭᠲᠤ ᠰᠣᠭᠲᠣᠭᠤ ᠪᠠᠷ ᠮᠠᠰᠢᠨ ᠵᠢᠯᠣᠭᠤᠳᠤᠭᠰᠠᠨ ᠠᠴᠠ ᠪᠣᠯᠵᠤ ᠠᠵᠢᠯ ᠠᠴᠠ ᠪᠣᠯᠣᠭᠰᠠᠨ ᠭᠡᠮᠲᠦᠯ ᠢᠶᠠᠷ ᠮᠠᠭᠠᠳᠯᠠᠬᠤ ᠦᠭᠡᠢ᠃ | | ᠬᠥᠲᠥᠯᠥᠭᠴᠢ᠄ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ | ᠬᠤᠭᠤᠴᠠᠭ᠎ᠠ ᠶᠢ ᠶᠠᠭᠠᠬᠢᠵᠤ ᠲᠣᠭᠲᠠᠭᠠᠭᠰᠠᠨ ᠪᠤᠢ︖ | | | | ᠯᠢᠶᠠᠩ ᠿᠦᠩ᠄ | ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠢ ᠣᠯᠣᠭᠰᠠᠨ ᠤ | 60 ᠡᠳᠦᠷ ᠤᠨ ᠳᠣᠲᠣᠷ᠎ᠠ ᠮᠠᠭᠠᠳᠯᠠᠭᠰᠠᠨ ᠰᠢᠢᠳᠪᠦᠷᠢ ᠭᠠᠷᠭᠠᠬᠤ ᠬᠡᠷᠡᠭᠲᠡᠢ ᠮᠥᠷᠲᠡᠭᠡᠨ ᠪᠢᠴᠢᠭ ᠢᠶᠠᠷ ᠭᠤᠶᠤᠴᠢᠯᠠᠭᠰᠠᠨ ᠬᠥᠮᠥᠨ ᠪᠤᠶᠤ ᠲᠡᠭᠦᠨ ᠤ ᠣᠶᠢᠷ᠎ᠠ | ᠲᠥᠷᠥᠯ ᠰᠠᠳᠤᠨ ᠪᠠ ᠪᠠᠶᠢᠭ᠎ᠠ ᠨᠢᠭᠡᠴᠢ ᠳᠤᠨᠢ ᠮᠡᠳᠡᠭᠳᠡᠬᠦ ᠬᠡᠷᠡᠭᠲᠡᠢ᠃ | ᠬᠥᠲᠥᠯᠥᠭᠴᠢ᠄ | ᠠᠵᠢᠯᠲᠠᠨ ᠠᠵᠢᠯ ᠳᠤ ᠭᠠᠷᠬᠤ ᠠᠵᠢᠯ ᠠᠴᠠ ᠪᠠᠭᠤᠬᠤ ᠬᠤᠭᠤᠴᠠᠭᠠᠨ ᠳᠠᠭᠠᠨ ᠬᠠᠶᠠ ᠭᠡᠨᠡᠳᠡᠯ ᠭᠠᠷᠳᠠᠭ᠃ ᠲᠡᠭᠡᠪᠡᠯ ᠠᠵᠢᠯ ᠳᠤ ᠭᠠᠷᠬᠤ ᠠᠵᠢᠯ ᠠᠴᠠ | ᠪᠠᠭᠤᠬᠤ ᠵᠠᠮ ᠳᠠᠭᠠᠨ ᠭᠡᠨᠡᠳᠡᠯ ᠭᠠᠷᠪᠠᠯ ᠠᠵᠢᠯ ᠠᠴᠠ ᠪᠣᠯᠣᠭᠰᠠᠨ ᠭᠡᠮᠲᠦᠯ ᠢᠶᠠᠷ ᠪᠣᠳᠣᠨ᠎ᠠ ᠤᠤ︖ | ᠰᠢᠦᠢ ᠶᠢᠩ᠄ | ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ᠵᠢᠷᠭᠤᠳᠤᠭᠠᠷ ᠵᠤᠷᠪᠤᠰ ᠲᠤ | ᠲᠣᠭᠲᠠᠭᠠᠭᠰᠠᠨ ᠢᠶᠠᠷ᠂ ᠠᠵᠢᠯ ᠳᠤ ᠭᠠᠷᠬᠤ ᠠᠵᠢᠯ ᠠᠴᠠ ᠪᠠᠭᠤᠬᠤ ᠵᠠᠮ ᠳᠠᠭᠠᠨ ᠲᠤᠰ ᠬᠥᠮᠥᠨ ᠤ ᠭᠤᠣᠯ ᠬᠠᠷᠢᠭᠤᠴᠠᠯᠭ᠎ᠠ ᠪᠢᠰᠢ ᠵᠠᠮ ᠬᠠᠷᠢᠯᠴᠠᠭᠠᠨ ᠤ ᠠᠳᠡᠯ | ᠪᠤᠶᠤ ᠬᠤᠲᠠ ᠶᠢᠨ ᠵᠢᠮᠲᠦ ᠵᠠᠮ ᠬᠠᠷᠢᠯᠴᠠᠭ᠎ᠠ᠂ ᠲᠡᠭᠡᠭᠡᠪᠦᠷᠢ ᠶᠢᠨ ᠮᠠᠰᠢᠨ ᠣᠩᠭᠤᠴᠠ᠂ ᠭᠠᠯᠲᠤ ᠲᠡᠷᠭᠡ ᠶᠢᠨ ᠠᠳᠡᠯ ᠠᠴᠠ ᠪᠣᠯᠵᠤ ᠭᠡᠮᠲᠦᠭᠰᠡᠨ ᠪᠣᠯ | ᠠᠵᠢᠯ ᠠᠴᠠ ᠪᠣᠯᠣᠭᠰᠠᠨ ᠭᠡᠮᠲᠦᠯ ᠢᠶᠠᠷ ᠮᠠᠭᠠᠳᠯᠠᠨ᠎ᠠ᠃ ᠪᠤᠰᠤᠳ ᠠᠳᠡᠯ ᠢ ᠠᠵᠢᠯ ᠠᠴᠠ ᠪᠣᠯᠣᠭᠰᠠᠨ ᠭᠡᠮᠲᠦᠯ ᠢᠶᠠᠷ ᠪᠣᠳᠣᠬᠤ ᠦᠭᠡᠢ᠃ | ᠬᠥᠲᠥᠯᠥᠭᠴᠢ᠄ | ᠬᠥᠳᠡᠯᠮᠦᠷᠢ ᠶᠢᠨ ᠭᠡᠷ᠎ᠡ ᠲᠣᠭᠲᠠᠭᠰᠠᠨ ᠦᠭᠡᠢ ᠪᠣᠯ ᠬᠥᠮᠥᠨ ᠬᠡᠷᠡᠭᠯᠡᠬᠦ ᠨᠢᠭᠡᠴᠢ ᠠᠴᠠ ᠠᠵᠢᠯ ᠠᠴᠠ ᠪᠣᠯᠣᠭᠰᠠᠨ ᠭᠡᠮᠲᠦᠯ ᠤᠨ ᠲᠥᠯᠥᠪᠦᠷᠢ ᠪᠠ | ᠡᠮᠴᠢᠯᠡᠭᠡᠨ ᠤ ᠰᠦᠢᠳᠬᠡᠯ ᠢ ᠥᠭᠬᠦ ᠦᠭᠡᠢ ᠪᠠᠶᠢᠵᠤ ᠪᠣᠯᠣᠨ᠎ᠠ ᠤᠤ︖ | ᠯᠢᠶᠠᠩ ᠿᠦᠩ᠄ | ᠬᠡᠷᠪᠡ ᠬᠥᠮᠥᠨ ᠬᠡᠷᠡᠭᠯᠡᠬᠦ ᠨᠢᠭᠡᠴᠢ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠦᠭᠡᠢ᠂ ᠠᠵᠢᠯ ᠠᠴᠠ | ᠪᠣᠯᠣᠭᠰᠠᠨ ᠭᠡᠮᠲᠦᠯ ᠤᠨ ᠳᠠᠭᠠᠳᠬᠠᠯ ᠳᠤ ᠴᠤ ᠣᠷᠣᠯᠴᠠᠭᠰᠠᠨ ᠦᠭᠡᠢ ᠪᠣᠯ᠂ ᠠᠵᠢᠯᠲᠠᠨ ᠠᠵᠢᠯ ᠠᠴᠠ ᠪᠣᠯᠵᠤ ᠭᠡᠮᠲᠦᠭᠰᠡᠨ ᠤ ᠳᠠᠷᠠᠭ᠎ᠠ ᠬᠥᠮᠥᠨ ᠬᠡᠷᠡᠭᠯᠡᠬᠦ | ᠨᠢᠭᠡᠴᠢ ᠠᠴᠠ ᠡᠮᠴᠢᠯᠡᠭᠡᠨ ᠤ ᠰᠦᠢᠳᠬᠡᠯ ᠪᠠ ᠠᠵᠢᠯ ᠠᠴᠠ ᠪᠣᠯᠣᠭᠰᠠᠨ ᠭᠡᠮᠲᠦᠯ ᠤᠨ ᠬᠠᠮᠢᠶ᠎ᠠ ᠪᠦᠬᠦᠢ ᠬᠠᠷᠠᠭᠠᠯᠵᠠᠯ ᠢ ᠥᠭᠬᠦ ᠦᠭᠡᠢ ᠪᠠᠶᠢᠵᠤ ᠪᠣᠯᠬᠤ ᠦᠭᠡᠢ᠃ | ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠲᠣᠭᠲᠠᠭᠠᠯ ᠶᠣᠰᠣᠭᠠᠷ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ | ᠬᠠᠷᠠᠭᠠᠯᠵᠠᠯ ᠢ ᠣᠯᠭᠤᠬᠤ ᠬᠡᠷᠡᠭᠲᠡᠢ᠃ | ᠬᠥᠲᠥᠯᠥᠭᠴᠢ᠄ | ᠠᠵᠢᠯ ᠠᠴᠠ ᠪᠣᠯᠵᠤ ᠭᠡᠮᠲᠦᠭᠡᠳ ᠪᠤᠶᠤ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠵᠤ ᠠᠵᠢᠯ ᠢᠶᠠᠨ ᠲᠦᠷ ᠵᠣᠭᠰᠣᠵᠤ ᠡᠮᠨᠡᠭᠦᠯᠬᠦ ᠴᠢᠬᠤᠯᠠ ᠲᠠᠢ | ᠪᠣᠯ᠂ ᠠᠵᠢᠯ ᠰᠠᠭᠠᠲᠠᠭᠠᠭᠰᠠᠨ ᠢ ᠲᠥᠯᠥᠬᠦ ᠪᠠᠷᠢᠮᠵᠢᠶ᠎ᠠ ᠨᠢ ᠬᠡᠳᠦᠢ ᠪᠤᠢ︖ | ᠯᠢᠶᠠᠩ ᠿᠦᠩ᠄ | ᠠᠵᠢᠯ ᠠᠴᠠ ᠪᠣᠯᠵᠤ ᠭᠡᠮᠲᠦᠭᠡᠳ ᠪᠤᠶᠤ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠵᠤ ᠠᠵᠢᠯ ᠢᠶᠠᠨ ᠲᠦᠷ ᠵᠣᠭᠰᠣᠵᠤ ᠡᠮᠨᠡᠭᠦᠯᠬᠦ ᠴᠢᠬᠤᠯᠠ ᠲᠠᠢ | ᠪᠣᠯ᠂ ᠠᠵᠢᠯ ᠢ ᠵᠣᠭᠰᠣᠭᠠᠵᠤ ᠴᠠᠯᠢᠩ ᠬᠥᠯᠥᠰᠦ ᠶᠢ ᠦᠯᠡᠳᠡᠭᠡᠬᠦ ᠬᠤᠭᠤᠴᠠᠭᠠᠨ ᠳᠤ ᠤᠤᠯ ᠤᠨ ᠴᠠᠯᠢᠩ ᠬᠥᠯᠥᠰᠦ ᠬᠤᠪᠢᠷᠠᠬᠤ ᠦᠭᠡᠢ᠂ ᠪᠠᠶᠢᠭ᠎ᠠ | ᠨᠢᠭᠡᠴᠢ ᠠᠴᠠ ᠰᠠᠷ᠎ᠠ ᠪᠠᠷ ᠪᠣᠳᠣᠵᠤ ᠥᠭᠭᠦᠨ᠎ᠡ᠃ | ᠥᠪᠡᠷ ᠤᠨ ᠪᠡᠶ᠎ᠡ ᠳᠡᠭᠡᠨ ᠵᠥᠪ ᠦᠭᠡᠢ ᠪᠣᠯᠣᠭᠰᠠᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯ ᠢ ᠵᠣᠭᠰᠣᠭᠠᠵᠤ ᠴᠠᠯᠢᠩ ᠬᠥᠯᠥᠰᠦ ᠶᠢ | ᠦᠯᠡᠳᠡᠭᠡᠬᠦ ᠬᠤᠭᠤᠴᠠᠭᠠᠨ ᠳᠤ ᠠᠰᠠᠷᠠᠭᠤᠯᠬᠤ ᠴᠢᠬᠤᠯᠠ ᠲᠠᠢ ᠪᠣᠯ᠂ ᠪᠠᠶᠢᠭ᠎ᠠ ᠨᠢᠭᠡᠴᠢ ᠠᠴᠠ ᠡᠭᠦᠷᠭᠡᠯᠡᠨ᠎ᠡ᠃ | ᠬᠥᠲᠥᠯᠥᠭᠴᠢ᠄ | ᠬᠡᠷᠪᠡ ᠠᠵᠢᠯᠲᠠᠨ ︵ᠪᠤᠶᠤ ᠣᠶᠢᠷ᠎ᠠ ᠰᠠᠳᠤᠨ︶ ᠠᠵᠢᠯ ᠠᠴᠠ ᠪᠣᠯᠣᠭᠰᠠᠨ ᠭᠡᠮᠲᠦᠯ ᠢᠶᠠᠷ ᠦᠵᠡᠵᠦ᠂ ᠬᠠᠷᠢᠨ ᠪᠠᠶᠢᠭ᠎ᠠ ᠨᠢᠭᠡᠴᠢ ᠨᠢ ᠲᠡᠭᠡᠵᠦ ᠦᠵᠡᠬᠦ | ᠦᠭᠡᠢ ᠪᠣᠯ ᠶᠠᠭᠠᠬᠢᠪᠠᠯ ᠵᠣᠬᠢᠬᠤ ᠪᠣᠢ︖ | ᠬᠥᠲᠥᠯᠥᠭᠴᠢ᠄ | ᠠᠵᠢᠯ ᠠᠴᠠ ᠪᠣᠯᠵᠤ ᠭᠡᠮᠲᠦᠭᠡᠳ ᠪᠤᠶᠤ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠵᠤ ᠠᠵᠢᠯ ᠢᠶᠠᠨ ᠲᠦᠷ ᠵᠣᠭᠰᠣᠵᠤ ᠡᠮᠨᠡᠭᠦᠯᠬᠦ ᠴᠢᠬᠤᠯᠠ ᠲᠠᠢ | ᠪᠣᠯ᠂ ᠠᠵᠢᠯ ᠰᠠᠭᠠᠲᠠᠭᠠᠭᠰᠠᠨ ᠢ ᠲᠥᠯᠥᠬᠦ ᠪᠠᠷᠢᠮᠵᠢᠶ᠎ᠠ ᠨᠢ ᠬᠡᠳᠦᠢ ᠪᠤᠢ︖ | ᠯᠢᠶᠠᠩ ᠿᠦᠩ᠄ | ᠠᠵᠢᠯ ᠠᠴᠠ ᠪᠣᠯᠵᠤ ᠭᠡᠮᠲᠦᠭᠡᠳ ᠪᠤᠶᠤ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠵᠤ ᠠᠵᠢᠯ ᠢᠶᠠᠨ ᠲᠦᠷ ᠵᠣᠭᠰᠣᠵᠤ ᠡᠮᠨᠡᠭᠦᠯᠬᠦ ᠴᠢᠬᠤᠯᠠ ᠲᠠᠢ | ᠪᠣᠯ᠂ ᠠᠵᠢᠯ ᠢ ᠵᠣᠭᠰᠣᠭᠠᠵᠤ ᠴᠠᠯᠢᠩ ᠬᠥᠯᠥᠰᠦ ᠶᠢ ᠦᠯᠡᠳᠡᠭᠡᠬᠦ ᠬᠤᠭᠤᠴᠠᠭᠠᠨ ᠳᠤ ᠤᠤᠯ ᠤᠨ ᠴᠠᠯᠢᠩ ᠬᠥᠯᠥᠰᠦ ᠬᠤᠪᠢᠷᠠᠬᠤ ᠦᠭᠡᠢ᠂ ᠪᠠᠶᠢᠭ᠎ᠠ | ᠨᠢᠭᠡᠴᠢ ᠠᠴᠠ ᠰᠠᠷ᠎ᠠ ᠪᠠᠷ ᠪᠣᠳᠣᠵᠤ ᠥᠭᠭᠦᠨ᠎ᠡ᠃ | ᠥᠪᠡᠷ ᠤᠨ ᠪᠡᠶ᠎ᠡ ᠳᠡᠭᠡᠨ ᠵᠥᠪ ᠦᠭᠡᠢ ᠪᠣᠯᠣᠭᠰᠠᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯ ᠢ ᠵᠣᠭᠰᠣᠭᠠᠵᠤ ᠴᠠᠯᠢᠩ ᠬᠥᠯᠥᠰᠦ ᠶᠢ | ᠦᠯᠡᠳᠡᠭᠡᠬᠦ ᠬᠤᠭᠤᠴᠠᠭᠠᠨ ᠳᠤ ᠠᠰᠠᠷᠠᠭᠤᠯᠬᠤ ᠴᠢᠬᠤᠯᠠ ᠲᠠᠢ ᠪᠣᠯ᠂ ᠪᠠᠶᠢᠭ᠎ᠠ ᠨᠢᠭᠡᠴᠢ ᠠᠴᠠ ᠡᠭᠦᠷᠭᠡᠯᠡᠨ᠎ᠡ᠃ | ᠬᠥᠲᠥᠯᠥᠭᠴᠢ᠄ | ᠬᠡᠷᠪᠡ ᠠᠵᠢᠯᠲᠠᠨ ︵ᠪᠤᠶᠤ ᠣᠶᠢᠷ᠎ᠠ ᠰᠠᠳᠤᠨ︶ ᠠᠵᠢᠯ ᠠᠴᠠ ᠪᠣᠯᠣᠭᠰᠠᠨ ᠭᠡᠮᠲᠦᠯ ᠢᠶᠠᠷ ᠦᠵᠡᠵᠦ᠂ ᠬᠠᠷᠢᠨ ᠪᠠᠶᠢᠭ᠎ᠠ ᠨᠢᠭᠡᠴᠢ ᠨᠢ ᠲᠡᠭᠡᠵᠦ ᠦᠵᠡᠬᠦ | ᠦᠭᠡᠢ ᠪᠣᠯ ᠶᠠᠭᠠᠬᠢᠪᠠᠯ ᠵᠣᠬᠢᠬᠤ ᠪᠣᠢ︖ | ᠰᠢᠦᠢ ᠶᠢᠩ᠄ | ᠡᠶᠢᠮᠦ ᠪᠠᠶᠢᠳᠠᠯ ᠳᠤ ᠬᠥᠮᠥᠨ ᠬᠡᠷᠡᠭᠯᠡᠬᠦ ᠨᠢᠭᠡᠴᠢ ᠠᠴᠠ ᠭᠡᠷᠡᠴᠢ ᠭᠠᠷᠭᠠᠬᠤ ᠬᠠᠷᠢᠭᠤᠴᠠᠯᠭ᠎ᠠ ᠲᠠᠢ ᠮᠥᠷᠲᠡᠭᠡᠨ ᠲᠣᠭᠲᠠᠭᠰᠠᠨ ᠬᠤᠭᠤᠴᠠᠭᠠᠨ ᠤ ᠳᠣᠲᠣᠷ᠎ᠠ | ᠭᠡᠷᠡᠴᠢ ᠪᠠᠨ ᠲᠤᠰᠢᠶᠠᠬᠤ ᠬᠡᠷᠡᠭᠲᠡᠢ᠃ ᠬᠡᠷᠪᠡ ᠬᠥᠮᠥᠨ ᠬᠡᠷᠡᠭᠯᠡᠬᠦ ᠨᠢᠭᠡᠴᠢ ᠭᠡᠷᠡᠴᠢ ᠭᠠᠷᠭᠠᠵᠤ ᠴᠢᠳᠠᠬᠤ ᠦᠭᠡᠢ ᠪᠤᠶᠤ ᠭᠡᠷᠡᠴᠢ ᠭᠠᠷᠭᠠᠬᠤ ᠦᠭᠡᠢ ᠪᠣᠯᠪᠠᠯ᠂ | ᠭᠡᠷᠡᠴᠢ ᠭᠠᠷᠭᠠᠬᠤ ᠦᠭᠡᠢ ᠶᠢᠨ ᠦᠷ᠎ᠡ ᠳ᠋ᠦᠩ ᠢ ᠬᠦᠯᠢᠶᠡᠬᠦ ᠬᠡᠷᠡᠭᠲᠡᠢ᠃ ᠠᠵᠢᠯᠲᠠᠨ ︵ᠪᠤᠶᠤ ᠲᠡᠭᠦᠨ ᠤ ᠣᠶᠢᠷ᠎ᠠ ᠰᠠᠳᠤᠨ︶ ᠭᠡᠷᠡᠴᠢ ᠪᠠᠨ ᠬᠠᠩᠭᠠᠭᠰᠠᠨ ᠤ | ᠳᠠᠷᠠᠭ᠎ᠠ᠂ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠰᠠᠯᠠᠭ᠎ᠠ ᠮᠥᠴᠢᠷ ᠠᠴᠠ ᠠᠵᠢᠯᠲᠠᠨ ᠤ ᠬᠠᠩᠭᠠᠭᠰᠠᠨ ᠭᠡᠷᠡᠴᠢ ᠶᠢ ᠦᠨᠳᠦᠰᠦᠯᠡᠨ ᠬᠠᠤᠯᠢ | ᠶᠣᠰᠣᠭᠠᠷ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠳ᠋ᠦᠩ ᠭᠠᠷᠭᠠᠨ᠎ᠠ᠃ | ᠬᠥᠲᠥᠯᠥᠭᠴᠢ᠄ | ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠳᠤ ᠪᠣᠳᠠᠲᠠᠢ ᠶᠠᠮᠠᠷ ᠶᠠᠮᠠᠷ ᠶᠠᠪᠤᠴᠠ ᠶᠢ ᠥᠩᠭᠡᠷᠡᠭᠡᠬᠦ ᠪᠣᠢ︖ | ᠯᠢᠶᠠᠩ ᠿᠦᠩ᠄ | ︵1︶ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠬᠥᠮᠥᠨ ᠬᠡᠷᠡᠭᠯᠡᠬᠦ ᠨᠢᠭᠡᠴᠢ ᠪᠤᠶᠤ ᠠᠵᠢᠯᠲᠠᠨ ᠲᠤᠰ ᠬᠥᠮᠥᠨ | ᠵᠢᠴᠢ ᠲᠡᠭᠦᠨ ᠤ ᠣᠶᠢᠷ᠎ᠠ ᠰᠠᠳᠤᠨ ᠰᠦᠯᠵᠢᠶᠡᠨ ᠳᠡᠭᠡᠷ᠎ᠡ ᠭᠤᠶᠤᠴᠢᠯᠠᠵᠤ᠂ ᠮᠠᠲ᠋ᠧᠷᠢᠶᠠᠯ ᠢᠶᠠᠨ ᠲᠤᠰᠢᠶᠠᠨ᠎ᠠ᠃ | ︵2︶ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠰᠢᠯᠭᠠᠨ᠎ᠠ᠃ ᠭᠤᠶᠤᠴᠢᠯᠠᠯ ᠢ ᠣᠯᠣᠭᠰᠠᠨ ᠤ 15 ᠡᠳᠦᠷ ᠤᠨ ᠳᠣᠲᠣᠷ᠎ᠠ ᠬᠢᠨᠠᠨ ᠰᠢᠯᠭᠠᠵᠤ᠂ | ᠮᠠᠲ᠋ᠧᠷᠢᠶᠠᠯ ᠪᠦᠷᠢᠨ ᠪᠤᠰᠤ ᠪᠠᠶᠢᠪᠠᠯ ᠨᠥᠬᠦᠬᠦ ᠴᠢᠬᠤᠯᠠ ᠲᠠᠢ ᠮᠠᠲ᠋ᠧᠷᠢᠶᠠᠯ ᠢ ᠨᠢᠭᠡ ᠤᠳᠠᠭ᠎ᠠ ᠳᠡᠭᠡᠷ᠎ᠡ ᠮᠡᠳᠡᠭᠳᠡᠨ᠎ᠡ᠃ | ᠰᠢᠦᠢ ᠶᠢᠩ᠄ | ᠡᠶᠢᠮᠦ ᠪᠠᠶᠢᠳᠠᠯ ᠳᠤ ᠬᠥᠮᠥᠨ ᠬᠡᠷᠡᠭᠯᠡᠬᠦ ᠨᠢᠭᠡᠴᠢ ᠠᠴᠠ ᠭᠡᠷᠡᠴᠢ ᠭᠠᠷᠭᠠᠬᠤ ᠬᠠᠷᠢᠭᠤᠴᠠᠯᠭ᠎ᠠ ᠲᠠᠢ ᠮᠥᠷᠲᠡᠭᠡᠨ ᠲᠣᠭᠲᠠᠭᠰᠠᠨ ᠬᠤᠭᠤᠴᠠᠭᠠᠨ ᠤ ᠳᠣᠲᠣᠷ᠎ᠠ | ᠭᠡᠷᠡᠴᠢ ᠪᠠᠨ ᠲᠤᠰᠢᠶᠠᠬᠤ ᠬᠡᠷᠡᠭᠲᠡᠢ᠃ ᠬᠡᠷᠪᠡ ᠬᠥᠮᠥᠨ ᠬᠡᠷᠡᠭᠯᠡᠬᠦ ᠨᠢᠭᠡᠴᠢ ᠭᠡᠷᠡᠴᠢ ᠭᠠᠷᠭᠠᠵᠤ ᠴᠢᠳᠠᠬᠤ ᠦᠭᠡᠢ ᠪᠤᠶᠤ ᠭᠡᠷᠡᠴᠢ ᠭᠠᠷᠭᠠᠬᠤ ᠦᠭᠡᠢ ᠪᠣᠯᠪᠠᠯ᠂ | ᠭᠡᠷᠡᠴᠢ ᠭᠠᠷᠭᠠᠬᠤ ᠦᠭᠡᠢ ᠶᠢᠨ ᠦᠷ᠎ᠡ ᠳ᠋ᠦᠩ ᠢ ᠬᠦᠯᠢᠶᠡᠬᠦ ᠬᠡᠷᠡᠭᠲᠡᠢ᠃ ᠠᠵᠢᠯᠲᠠᠨ ︵ᠪᠤᠶᠤ ᠲᠡᠭᠦᠨ ᠤ ᠣᠶᠢᠷ᠎ᠠ ᠰᠠᠳᠤᠨ︶ ᠭᠡᠷᠡᠴᠢ ᠪᠠᠨ ᠬᠠᠩᠭᠠᠭᠰᠠᠨ ᠤ | ᠳᠠᠷᠠᠭ᠎ᠠ᠂ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠰᠠᠯᠠᠭ᠎ᠠ ᠮᠥᠴᠢᠷ ᠠᠴᠠ ᠠᠵᠢᠯᠲᠠᠨ ᠤ ᠬᠠᠩᠭᠠᠭᠰᠠᠨ ᠭᠡᠷᠡᠴᠢ ᠶᠢ ᠦᠨᠳᠦᠰᠦᠯᠡᠨ ᠬᠠᠤᠯᠢ | ᠶᠣᠰᠣᠭᠠᠷ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠳ᠋ᠦᠩ ᠭᠠᠷᠭᠠᠨ᠎ᠠ᠃ | ᠬᠥᠲᠥᠯᠥᠭᠴᠢ᠄ | ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠳᠤ ᠪᠣᠳᠠᠲᠠᠢ ᠶᠠᠮᠠᠷ ᠶᠠᠮᠠᠷ ᠶᠠᠪᠤᠴᠠ ᠶᠢ ᠥᠩᠭᠡᠷᠡᠭᠡᠬᠦ ᠪᠣᠢ︖ | ᠯᠢᠶᠠᠩ ᠿᠦᠩ᠄ | ︵1︶ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠬᠥᠮᠥᠨ ᠬᠡᠷᠡᠭᠯᠡᠬᠦ ᠨᠢᠭᠡᠴᠢ ᠪᠤᠶᠤ ᠠᠵᠢᠯᠲᠠᠨ ᠲᠤᠰ ᠬᠥᠮᠥᠨ | ᠵᠢᠴᠢ ᠲᠡᠭᠦᠨ ᠤ ᠣᠶᠢᠷ᠎ᠠ ᠰᠠᠳᠤᠨ ᠰᠦᠯᠵᠢᠶᠡᠨ ᠳᠡᠭᠡᠷ᠎ᠡ ᠭᠤᠶᠤᠴᠢᠯᠠᠵᠤ᠂ ᠮᠠᠲ᠋ᠧᠷᠢᠶᠠᠯ ᠢᠶᠠᠨ ᠲᠤᠰᠢᠶᠠᠨ᠎ᠠ᠃ | ︵2︶ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠰᠢᠯᠭᠠᠨ᠎ᠠ᠃ ᠭᠤᠶᠤᠴᠢᠯᠠᠯ ᠢ ᠣᠯᠣᠭᠰᠠᠨ ᠤ 15 ᠡᠳᠦᠷ ᠤᠨ ᠳᠣᠲᠣᠷ᠎ᠠ ᠬᠢᠨᠠᠨ ᠰᠢᠯᠭᠠᠵᠤ᠂ | ᠮᠠᠲ᠋ᠧᠷᠢᠶᠠᠯ ᠪᠦᠷᠢᠨ ᠪᠤᠰᠤ ᠪᠠᠶᠢᠪᠠᠯ ᠨᠥᠬᠦᠬᠦ ᠴᠢᠬᠤᠯᠠ ᠲᠠᠢ ᠮᠠᠲ᠋ᠧᠷᠢᠶᠠᠯ ᠢ ᠨᠢᠭᠡ ᠤᠳᠠᠭ᠎ᠠ ᠳᠡᠭᠡᠷ᠎ᠡ ᠮᠡᠳᠡᠭᠳᠡᠨ᠎ᠡ᠃ | ︵3︶ ᠬᠦᠯᠢᠶᠡᠨ ᠠᠪᠬᠤ ᠪᠤᠶᠤ ᠬᠦᠯᠢᠶᠡᠨ ᠠᠪᠬᠤ ᠦᠭᠡᠢ ᠰᠢᠢᠳᠪᠦᠷᠢ ᠭᠠᠷᠭᠠᠨ᠎ᠠ᠃ | ︵4︶ ᠠᠵᠢᠯ ᠠᠴᠠ ᠪᠣᠯᠵᠤ ᠭᠡᠮᠲᠦᠭᠰᠡᠨ ᠢ ᠮᠠᠭᠠᠳᠯᠠᠬᠤ ᠪᠠᠶᠢᠴᠠᠭᠠᠯᠲᠠ ᠬᠢᠨ᠎ᠡ᠃ | ︵5︶ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠭᠰᠠᠨ ᠰᠢᠢᠳᠪᠦᠷᠢ ᠭᠠᠷᠭᠠᠨ᠎ᠠ᠃ ᠭᠤᠶᠤᠴᠢᠯᠠᠯ ᠢ ᠬᠦᠯᠢᠶᠡᠨ ᠠᠪᠤᠭᠰᠠᠨ ᠤ 60 ᠡᠳᠦᠷ ᠤᠨ | ᠳᠣᠲᠣᠷ᠎ᠠ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠭᠰᠠᠨ ᠰᠢᠢᠳᠪᠦᠷᠢ ᠭᠠᠷᠭᠠᠵᠤ᠂ ︽ᠠᠵᠢᠯ ᠠᠴᠠ ᠪᠣᠯᠣᠭᠰᠠᠨ ᠭᠡᠮᠲᠦᠯ ᠭᠡᠵᠦ ᠮᠠᠭᠠᠳᠯᠠᠭᠰᠠᠨ | ᠰᠢᠢᠳᠪᠦᠷᠢ ᠶᠢᠨ ᠪᠢᠴᠢᠭ︾ ᠪᠤᠶᠤ ︽ᠠᠵᠢᠯ ᠠᠴᠠ ᠪᠣᠯᠣᠭᠰᠠᠨ ᠭᠡᠮᠲᠦᠯ ᠪᠢᠰᠢ ᠭᠡᠵᠦ ᠮᠠᠭᠠᠳᠯᠠᠭᠰᠠᠨ ᠰᠢᠢᠳᠪᠦᠷᠢ ᠶᠢᠨ ᠪᠢᠴᠢᠭ︾ ᠭᠠᠷᠭᠠᠨ᠎ᠠ᠃ | ︵6︶ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠭᠰᠠᠨ ᠰᠢᠢᠳᠪᠦᠷᠢ ᠶᠢ ᠬᠦᠷᠭᠡᠨ᠎ᠡ᠃ | ᠬᠥᠲᠥᠯᠥᠭᠴᠢ᠄ | ᠠᠵᠢᠯ ᠠᠴᠠ ᠪᠣᠯᠣᠭᠰᠠᠨ ᠭᠡᠮᠲᠦᠯ ᠢ ᠵᠠᠭᠠᠯᠳᠤᠬᠤ ᠬᠦᠴᠦᠨ ᠲᠠᠢ ᠬᠤᠭᠤᠴᠠᠭ᠎ᠠ ᠨᠢ ᠬᠡᠳᠦᠢ ᠤᠷᠲᠤ ᠪᠣᠢ︖ | | | | ᠰᠢᠦᠢ ᠶᠢᠩ᠄ | ᠭᠡᠮᠲᠦᠭᠰᠡᠨ ᠠᠵᠢᠯᠲᠠᠨ ᠪᠤᠶᠤ ᠪᠠᠶᠢᠭ᠎ᠠ ᠨᠢᠭᠡᠴᠢ ᠨᠢ ᠮᠠᠭᠠᠳᠯᠠᠭᠰᠠᠨ ᠰᠢᠢᠳᠪᠦᠷᠢ ᠶᠢ ᠵᠥᠪᠰᠢᠶᠡᠷᠡᠬᠦ ᠦᠭᠡᠢ ᠪᠣᠯ᠂ ᠰᠢᠢᠳᠪᠦᠷᠢ ᠶᠢ ᠪᠢᠴᠢᠭ ᠢ | ᠣᠯᠣᠭᠰᠠᠨ ᠡᠳᠦᠷ ᠠᠴᠠ 60 ᠡᠳᠦᠷ ᠤᠨ ᠳᠣᠲᠣᠷ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠭᠤᠶᠤᠴᠢᠯᠠᠯ ᠭᠠᠷᠭᠠᠵᠤ ᠪᠣᠯᠣᠨ᠎ᠠ︔ | ᠰᠢᠢᠳᠪᠦᠷᠢ ᠶᠢᠨ ᠪᠢᠴᠢᠭ ᠢ ᠣᠯᠣᠭᠰᠠᠨ ᠠᠴᠠ 6 ᠰᠠᠷ᠎ᠠ ᠶᠢᠨ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠭᠰᠡᠨ ᠴᠤ | ᠪᠣᠯᠣᠨ᠎ᠠ᠃ | ᠭᠡᠮᠲᠦᠭᠰᠡᠨ ᠠᠵᠢᠯᠲᠠᠨ ᠪᠤᠶᠤ ᠪᠠᠶᠢᠭ᠎ᠠ ᠨᠢᠭᠡᠴᠢ ᠨᠢ ᠮᠠᠭᠠᠳᠯᠠᠭᠰᠠᠨ ᠰᠢᠢᠳᠪᠦᠷᠢ ᠳᠤ ᠥᠭᠡᠷ᠎ᠡ ᠰᠠᠨᠠᠯ ᠦᠭᠡᠢ᠂ ᠭᠡᠪᠡᠴᠦ ᠬᠥᠮᠥᠨ ᠬᠡᠷᠡᠭᠯᠡᠬᠦ ᠨᠢᠭᠡᠴᠢ | ᠨᠢ ᠬᠠᠮᠢᠶ᠎ᠠ ᠪᠦᠬᠦᠢ ᠡᠮᠴᠢᠯᠡᠭᠡ᠂ ᠰᠢᠷᠬᠠᠳᠤᠵᠤ ᠭᠡᠮᠲᠦᠭᠰᠡᠨ ᠨᠥᠬᠦᠪᠦᠷᠢ ᠵᠡᠷᠭᠡ ᠵᠠᠷᠤᠳᠠᠯ ᠢ ᠥᠭᠬᠦ ᠦᠭᠡᠢ ᠪᠠᠶᠢᠪᠠᠯ᠂ ᠨᠢᠭᠡ ᠵᠢᠯ ᠤᠨ ᠳᠣᠲᠣᠷ᠎ᠠ ᠪᠠᠶᠢᠭ᠎ᠠ | ᠨᠢᠭᠡᠴᠢ ᠶᠢᠨ ᠪᠠᠶᠢᠭ᠎ᠠ ᠭᠠᠵᠠᠷ ᠤᠨ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠵᠥᠪᠯᠡᠯ ᠳᠤ ᠬᠥᠨᠳᠡᠯᠡᠨ ᠠᠴᠠ ᠲᠠᠰᠤᠯᠬᠤ ᠶᠢ ᠭᠤᠶᠤᠴᠢᠯᠠᠵᠤ ᠪᠣᠯᠣᠨ᠎ᠠ᠃ | ᠬᠥᠲᠥᠯᠥᠭᠴᠢ᠄ | ᠠᠵᠢᠯᠲᠠᠨ ᠶᠠᠮᠠᠷ ᠪᠠᠶᠢᠳᠠᠯ ᠳᠣᠣᠷ᠎ᠠ ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠯᠲᠠ ᠬᠢᠯᠭᠡᠬᠦ ᠴᠢᠬᠤᠯᠠ ᠲᠠᠢ ᠪᠤᠢ︖ | ᠯᠢᠶᠠᠩ ᠿᠦᠩ᠄ | ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠡᠮᠴᠢᠯᠡᠭᠦᠯᠵᠦ ᠬᠠᠷᠢᠴᠠᠩᠭᠤᠢ ᠲᠣᠭᠲᠠᠪᠤᠷᠢᠲᠠᠢ ᠪᠣᠯᠣᠭᠰᠠᠨ ᠤ ᠳᠠᠷᠠᠭ᠎ᠠ ᠵᠡᠮᠳᠡᠭ ᠪᠤᠶᠤ ᠬᠥᠳᠡᠯᠮᠦᠷᠢᠯᠡᠬᠦ | ᠴᠢᠳᠠᠪᠤᠷᠢ ᠶᠢ ᠨᠥᠯᠥᠭᠡᠯᠡᠭᠰᠡᠨ ᠪᠣᠯ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠪᠠᠯ ᠵᠣᠬᠢᠨ᠎ᠠ᠃ | ᠬᠥᠲᠥᠯᠥᠭᠴᠢ᠄ | ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠬᠡᠨ ᠭᠤᠶᠤᠴᠢᠯᠠᠵᠤ ᠪᠣᠯᠬᠤ ᠪᠤᠢ︖ ᠬᠠᠮᠢᠭ᠎ᠠ ᠠᠴᠠ ᠭᠤᠶᠤᠴᠢᠯᠠᠬᠤ ᠪᠣᠢ︖ | ᠯᠢᠶᠠᠩ ᠿᠦᠩ᠄ | ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠬᠥᠮᠥᠨ ᠬᠡᠷᠡᠭᠯᠡᠬᠦ ᠨᠢᠭᠡᠴᠢ᠂ ᠭᠡᠮᠲᠦᠭᠰᠡᠨ ᠠᠵᠢᠯᠲᠠᠨ ᠪᠤᠶᠤ ᠲᠡᠭᠦᠨ ᠤ ᠣᠶᠢᠷ᠎ᠠ ᠲᠥᠷᠥᠯ | ᠰᠠᠳᠤᠨ ᠠᠴᠠ ᠬᠤᠲᠠ ᠶᠢᠨ ᠲᠡᠰ ᠤᠨ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠵᠥᠪᠯᠡᠯ ᠳᠤ ᠭᠤᠶᠤᠴᠢᠯᠠᠵᠤ᠂ ᠠᠵᠢᠯ ᠠᠴᠠ ᠪᠣᠯᠣᠭᠰᠠᠨ ᠭᠡᠮᠲᠦᠯ ᠢ | ᠮᠠᠭᠠᠳᠯᠠᠭᠰᠠᠨ ᠰᠢᠢᠳᠪᠦᠷᠢ ᠪᠠ ᠠᠵᠢᠯᠲᠠᠨ ᠤ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠨ᠎ᠠ᠃ | ᠬᠥᠲᠥᠯᠥᠭᠴᠢ᠄ | ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠬᠥᠳᠡᠯᠮᠦᠷᠢᠯᠡᠬᠦ ᠴᠢᠳᠠᠪᠤᠷᠢ ᠪᠠᠨ ᠬᠢᠨᠠᠨ ᠲᠣᠭᠲᠠᠭᠠᠯᠭᠠᠬᠤ ᠳᠤ ᠶᠠᠮᠠᠷ ᠶᠠᠮᠠᠷ ᠮᠠᠲ᠋ᠧᠷᠢᠶᠠᠯ ᠢ ᠲᠤᠰᠢᠶᠠᠬᠤ | ᠬᠡᠷᠡᠭᠲᠡᠢ ᠪᠤᠢ︖ | ᠰᠢᠦᠢ ᠶᠢᠩ᠄ | ︵1︶ ︽ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠭᠤᠶᠤᠴᠢᠯᠠᠯ ᠤᠨ ᠬᠥᠰᠥᠨᠥᠭᠲᠦ︾ ︵ᠨᠢᠭᠡᠴᠢ ᠶᠢᠨ ᠬᠠᠷᠢᠭᠤᠴᠠᠯᠭᠠᠲᠠᠨ ᠪᠠ ᠲᠤᠰ | ᠬᠥᠮᠥᠨ ᠲᠤᠰᠪᠦᠷᠢ ᠭᠠᠷ ᠤᠨ ᠦᠰᠦᠭ ᠵᠢᠷᠤᠵᠤ᠂ ᠠᠯᠪᠠᠨ ᠲᠠᠮᠠᠭ᠎ᠠ ᠳᠠᠷᠤᠨ᠎ᠠ︶︔ | ︵2︶ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠤ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢ ᠶᠢᠨ ᠤᠤᠯ ᠪᠢᠴᠢᠭ︔ | ︵3︶ ᠡᠪᠡᠳᠴᠢᠨ ᠤ ᠪᠠᠶᠢᠳᠠᠯ ᠤᠨ ᠬᠦᠴᠦᠨ ᠲᠠᠢ ᠣᠨᠣᠰᠢᠯᠠᠭᠰᠠᠨ ᠭᠡᠷᠡᠴᠢ︔ | ︵4︶ ᠡᠮᠨᠡᠯᠭᠡ ᠳᠤ ᠰᠠᠭᠤᠭᠰᠠᠨ ᠡᠪᠡᠳᠴᠢᠨ ᠤ ᠪᠦᠷᠢᠨ ᠲᠡᠦᠬᠡ ︵ᠡᠪᠡᠳᠴᠢᠨ ᠤ ᠲᠡᠦᠬᠡ ᠶᠢᠨ ᠲᠠᠰᠤᠭ ᠤᠨ ᠬᠠᠭᠤᠯᠪᠦᠷᠢ ᠶᠢᠨ ᠲᠤᠰᠬᠠᠢ ᠲᠠᠮᠠᠭ᠎ᠠ | ᠳᠠᠷᠤᠨ᠎ᠠ︶᠃ | ︵5︶ ᠡᠯ᠎ᠡ ᠵᠦᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ X ᠵᠢᠷᠤᠭ᠂ CT᠂ MRI︔ | ︵6︶ ᠬᠤᠲᠠ ᠶᠢᠨ ᠲᠡᠰ ᠠᠴᠠ ᠳᠡᠭᠡᠭᠰᠢ ᠡᠮᠨᠡᠯᠭᠡ ᠶᠢᠨ ᠣᠶᠢᠷ᠎ᠠ ᠶᠢᠨ ᠬᠤᠭᠤᠴᠠᠭᠠᠨ ᠤ ᠭᠡᠮᠲᠦᠭᠰᠡᠨ ᠬᠡᠰᠡᠭ ᠤᠨ ᠪᠠᠶᠢᠴᠠᠭᠠᠯᠲᠠ᠃ | ᠬᠥᠲᠥᠯᠥᠭᠴᠢ᠄ | ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠭᠰᠠᠨ ᠤ ᠳᠠᠷᠠᠭ᠎ᠠ ᠰᠢᠷᠬ᠎ᠠ ᠶᠢᠨ ᠪᠠᠶᠢᠳᠠᠯ ᠳᠤ ᠳᠠᠬᠢᠨ ᠬᠤᠪᠢᠷᠠᠯᠲᠠ ᠭᠠᠷᠤᠭᠰᠠᠨ ᠪᠣᠯ ᠶᠠᠭᠠᠬᠢᠪᠠᠯ | ᠵᠣᠬᠢᠬᠤ ᠪᠤᠢ︖ | ᠯᠢᠶᠠᠩ ᠿᠦᠩ᠄ | ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠳ᠋ᠦᠩ ᠭᠠᠷᠤᠭᠰᠠᠨ 1 ᠵᠢᠯ ᠤᠨ ᠳᠠᠷᠠᠭ᠎ᠠ᠂ ᠭᠡᠮᠲᠦᠭᠰᠡᠨ ᠠᠵᠢᠯᠲᠠᠨ ᠪᠤᠶᠤ ᠲᠡᠭᠦᠨ ᠤ | ᠣᠶᠢᠷ᠎ᠠ ᠰᠠᠳᠤᠨ᠂ ᠪᠠᠶᠢᠭ᠎ᠠ ᠨᠢᠭᠡᠴᠢ ᠪᠤᠶᠤ ᠬᠢᠨᠠᠨ ᠲᠣᠭᠲᠠᠭᠠᠭᠰᠠᠨ ᠪᠠᠶᠢᠭᠤᠯᠤᠮᠵᠢ ᠠᠴᠠ ᠰᠢᠷᠬ᠎ᠠ ᠶᠢᠨ ᠪᠠᠶᠢᠳᠠᠯ ᠳᠤ ᠬᠤᠪᠢᠷᠠᠯᠲᠠ ᠭᠠᠷᠤᠭᠰᠠᠨ ᠭᠡᠵᠦ | ᠦᠵᠡᠪᠡᠯ᠂ ᠲᠠᠬᠢᠨᠲᠠ ᠪᠠᠶᠢᠴᠠᠭᠠᠯᠭᠠᠵᠤ ᠬᠢᠨᠠᠨ ᠲᠣᠭᠲᠠᠭᠠᠵᠤ ᠪᠣᠯᠣᠨ᠎ᠠ᠃ | ᠬᠥᠲᠥᠯᠥᠭᠴᠢ᠄ | ᠠᠵᠢᠯ ᠠᠴᠠ ᠪᠣᠯᠣᠭᠰᠠᠨ ᠭᠡᠮᠲᠦᠯ ᠤᠨ ᠵᠠᠷᠤᠳᠠᠯ ᠢ ᠬᠡᠨ ᠠᠴᠠ ᠳᠠᠩᠰᠠᠨ ᠴᠠᠶᠢᠯᠭᠠᠬᠤ ᠪᠤᠢ︖ | ᠰᠢᠦᠢ ᠶᠢᠩ᠄ | ᠬᠥᠮᠥᠨ ᠬᠡᠷᠡᠭᠯᠡᠬᠦ ᠨᠢᠭᠡᠴᠢ ᠠᠴᠠ ᠠᠵᠢᠯᠲᠠᠨ ᠳᠤ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠣᠷᠣᠭᠤᠯᠤᠭᠰᠠᠨ ᠪᠤᠯ ᠠᠵᠢᠯ ᠠᠴᠠ ᠪᠣᠯᠣᠭᠰᠠᠨ | ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠴᠠᠶᠢᠯᠭᠠᠨ᠎ᠠ᠂ ᠦᠭᠡᠢ ᠪᠣᠯ ᠬᠥᠮᠥᠨ ᠬᠡᠷᠡᠭᠯᠡᠬᠦ ᠨᠢᠭᠡᠴᠢ ᠡᠭᠦᠷᠭᠡᠯᠡᠨ᠎ᠡ᠃ | ᠬᠠᠮᠢᠶᠠᠷᠤᠭᠴᠢ᠄ | ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠠᠴᠠ ᠪᠣᠯᠣᠭᠰᠠᠨ ᠭᠡᠮᠲᠦᠯ ᠤᠨ | ᠳᠠᠭᠠᠳᠬᠠᠯ ᠤᠨ ᠰᠠᠯᠠᠭᠠᠨ ᠤ ᠰᠠᠯᠠᠭᠠᠨ ᠳᠠᠷᠤᠭ᠎ᠠ ᠰᠢᠦᠢ ᠶᠢᠩ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠯᠠᠭᠠᠨ ᠤ ᠳᠡᠳ᠋ ᠰᠠᠯᠠᠭᠠᠨ | ᠳᠠᠷᠤᠭ᠎ᠠ ᠯᠢᠶᠠᠩ ᠿᠦᠩ ᠳᠤ ᠲᠠᠯᠠᠷᠬᠠᠯ᠎ᠠ᠂ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠂ ᠪᠠᠶᠠᠷᠲᠠᠢ᠃ | | | |