ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢᠨ ᠪᠠᠯᠠ ᠮᠥᠩᠭᠦ ᠶᠢ 2679 ᠲᠦᠮᠡᠨ ᠲᠥᠭᠦᠷᠢᠭ ᠪᠠᠭᠤᠯᠭᠠᠵᠠᠢ
ᠨᠡᠶᠢᠲᠡᠯᠡᠭᠰᠡᠨ ᠴᠠᠭ᠄
2024/6/11
      ︵ᠰᠤᠷᠪᠤᠯᠵᠢᠯᠠᠭᠴᠢ ᠰᠦᠩ ᠰᠢᠶᠠᠩ ᠬᠤᠸᠠ︶ ︽2024 ᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢᠨ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢᠨ ᠪᠠᠯᠠ ᠮᠥᠩᠭᠦ ᠶᠢ 2679 ᠲᠦᠮᠡᠨ ᠲᠥᠭᠦᠷᠢᠭ ᠪᠠᠭᠤᠯᠭᠠᠪᠠ᠃      ᠲᠣᠰ ᠵᠦᠢᠯ ᠤᠨ ᠪᠠᠯᠠ ᠮᠥᠩᠭᠦ ᠶᠢ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︽ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠵᠡᠷᠭᠡ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠡᠷᠡᠭᠯᠡᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠱᠠᠭᠠᠷᠳᠠᠯᠭ᠎ᠠ ᠶᠣᠰᠣᠭᠠᠷ ︽ᠰᠤᠷᠤᠯᠭ᠎ᠠ ᠶᠢᠨ ᠨᠠᠮᠲᠠᠷ ᠤᠨ ᠦᠨᠡᠮᠯᠡᠯ + ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠠᠰ ᠤᠨ ᠦᠨᠡᠮᠯᠡᠯ︾ ᠤᠨ ᠲᠦᠷᠢᠮ ᠤᠨ ᠲᠤᠷᠰᠢᠯᠲᠠ ᠶᠢᠨ ᠴᠡᠭ ᠢ ᠥᠷᠨᠢᠭᠦᠯᠬᠦ ᠶᠢ ᠳᠡᠮᠵᠢᠵᠦ᠂ ᠳᠤᠮᠳᠠᠳᠤ ᠤᠯᠤᠰ ᠤᠨ ᠣᠨᠴᠠᠯᠢᠭ ᠲᠠᠢ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠳᠡᠮᠵᠢᠨ᠎ᠡ᠃ ᠪᠠᠯᠠ ᠮᠥᠩᠭᠦ ᠶᠢ ᠪᠠᠭᠠᠤᠯᠭᠠᠭᠰᠠᠨ ᠨᠢ᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ ᠠᠵᠢᠯᠯᠠᠭᠠᠨ ᠤ ᠲᠥᠯᠥᠪᠯᠡᠭᠡ ︵2020 - 2023 ᠣᠨ︶︾ ᠶᠢ ᠨᠠᠶᠢᠳᠠᠪᠤᠷᠢᠵᠢᠭᠤᠯᠵᠤ᠂ ᠤᠨᠴᠠᠯᠢᠬᠳᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠶᠤᠨᠲᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠡᠯ᠎ᠡ ᠲᠥᠷᠥᠯ ᠵᠦᠢᠯ ᠤᠨ ᠡᠭᠦᠷᠭᠡ ᠶᠢ ᠴᠢᠨᠠᠷ ᠰᠠᠶᠢᠲᠠᠶ ᠬᠡᠷᠡᠭᠵᠢᠭᠦᠯᠬᠦ ᠳᠤ ᠠᠬᠢᠭᠤᠯᠬᠤ ᠦᠢᠯᠡᠳᠦᠯ ᠦᠵᠡᠭᠦᠯᠬᠦ ᠪᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ