ᠭᠦᠭᠡᠬᠤᠳᠠ ᠶᠢᠨ ᠳᠠᠭᠠᠳᠬᠠᠯ ᠤᠨ ᠮᠡᠬᠡᠯᠡᠯ ᠢ ᠡᠰᠡᠷᠭᠦᠴᠡᠬᠦ ᠬᠤᠯᠪᠣᠭᠠᠯᠠᠬᠤ ᠦᠷᠳᠡᠭᠡ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2024/6/12
     ᠣᠶᠢᠷ᠎ᠠ ᠳᠤ᠂ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠪᠤᠷᠢ ᠠᠩᠭᠢ᠂ ᠥᠪᠡᠷᠲᠡᠭᠡᠨ ᠵᠠᠰᠠᠬᠤ ᠣᠷᠣᠨ ᠤ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮᠯᠢᠭ ᠠᠴᠠ ᠬᠠᠮᠲᠤᠷᠠᠨ ᠤᠬᠠᠭᠠᠯᠠᠨ ᠲᠥᠰᠥᠪᠯᠡᠭᠰᠡᠨ ᠭᠦᠭᠡᠬᠤᠳᠠ ᠶᠢᠨ ᠳᠠᠭᠠᠳᠬᠠᠯ ᠤᠨ ᠮᠡᠬᠡᠯᠡᠯ ᠢ ᠡᠰᠡᠷᠭᠦᠴᠡᠬᠦ ᠬᠤᠯᠪᠣᠭᠠᠯᠠᠬᠤ ᠦᠷᠳᠡᠭᠡ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠠᠢ᠃      4 ᠰᠠᠷ᠎ᠠ ᠶᠢᠨ ᠰᠡᠭᠦᠯᠴᠢ ᠪᠠᠷ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠲᠣᠪᠴᠢᠶ᠎ᠠ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ᠳᠠᠭᠠᠳᠬᠠᠯ ᠤᠨ ᠮᠡᠬᠡᠯᠡᠯ  ᠤᠨ ᠶᠠᠯᠠᠲᠤ ᠠᠵᠢᠯᠯᠠᠭ᠎ᠠ ᠳᠤ ᠲᠤᠰᠬᠠᠶᠢᠯᠠᠨ ᠴᠣᠬᠢᠯᠲᠠ ᠥᠭᠬᠦ ᠠᠵᠢᠯ ᠢ ᠪᠠᠶᠢᠷᠢᠯᠠᠭᠤᠯᠵᠠᠢ᠃ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠪᠤᠷᠢ ᠠᠩᠭᠢ ᠳᠠᠷᠤᠢ ᠲᠦᠷᠭᠡᠨ ᠬᠥᠳᠡᠯᠦᠯᠴᠡᠵᠦ᠂ ᠲᠤᠰ ᠤᠳᠠᠭ᠎ᠠ ᠶᠢᠨ ᠲᠤᠰᠬᠠᠢ ᠠᠵᠢᠯᠯᠠᠭ᠎ᠠ ᠶᠢᠨ ᠱᠠᠭᠠᠷᠳᠠᠯᠭ᠎ᠠ ᠶᠢ ᠪᠦᠳᠦᠮᠵᠢᠳᠡᠢ ᠨᠠᠶᠢᠳᠠᠪᠤᠷᠢᠵᠢᠭᠤᠯᠤᠨ᠂ ᠲᠤᠰᠬᠠᠢ ᠠᠵᠢᠯ ᠤᠨ ᠥᠨᠳᠥᠷ ᠪᠦᠳᠦᠮᠵᠢᠲᠠᠢ ᠶᠠᠪᠤᠭᠳᠠᠬᠤ ᠶᠢ ᠠᠬᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮᠯᠢᠭ ᠲᠠᠢ ᠰᠤᠳᠤᠯᠤᠨ ᠤᠬᠠᠭᠠᠯᠠᠨ ᠲᠥᠰᠥᠪᠯᠡᠬᠦ ᠪᠠᠷ ᠲᠠᠮᠵᠢᠨ᠂ ᠬᠠᠮᠲᠤ ᠪᠠᠷ ᠭᠦᠭᠡᠬᠤᠳᠠ ᠶᠢᠨ ᠳᠠᠭᠠᠳᠬᠠᠯ ᠤᠨ ᠮᠡᠬᠡᠯᠡᠯ ᠢ ᠡᠰᠡᠷᠭᠦᠴᠡᠬᠦ ᠬᠤᠯᠪᠣᠭᠠᠯᠠᠬᠤ ᠦᠷᠳᠡᠭᠡ ᠶᠢ ᠪᠠᠶᠢᠭᠤᠯᠵᠤ᠂ ᠰᠦᠪᠡᠭᠴᠢ ᠶᠢ ᠰᠢᠯᠵᠢᠭᠦᠯᠦᠨ ᠲᠤᠰᠢᠶᠠᠬᠤ᠂ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠶᠢ ᠤᠯᠠᠮ ᠴᠢᠨᠠᠭᠰᠢᠳᠠ ᠰᠢᠯᠤᠭᠤᠳᠬᠠᠨ᠂ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠳᠠᠭᠠᠳᠬᠠᠯ ᠤᠨ ᠬᠦᠷᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠬᠦ ᠤᠷᠳᠤ ᠬᠤᠭᠤᠴᠠᠭᠠᠨ ᠤ ᠪᠦᠳᠦᠮᠵᠢᠳᠡᠢ ᠲᠣᠭᠲᠠᠴᠠ ᠶᠢ ᠴᠣᠭᠴᠠᠯᠠᠨ ᠪᠠᠶᠢᠭᠤᠯᠵᠠᠢ᠃      ᠣᠶᠢᠯᠠᠭᠠᠭᠰᠠᠨ ᠢᠶᠠᠷ᠂ 2023 ᠣᠨ ᠠᠴᠠ ᠨᠠᠭᠠᠰᠢ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠪᠤᠷᠢ ᠠᠩᠭᠢ  ᠭᠦᠭᠡᠬᠤᠳᠠ ᠶᠢᠨ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ  ᠤ ᠠᠮᠤᠷ ᠲᠦᠪᠰᠢᠨ ᠢ ᠬᠠᠮᠠᠭᠠᠯᠠᠬᠤ ᠳᠤ ᠰᠠᠭᠤᠷᠢᠯᠠᠨ᠂  ᠥᠪᠡᠷᠲᠡᠭᠡᠨ ᠵᠠᠰᠠᠬᠤ ᠣᠷᠣᠨ ᠤ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮᠯᠢᠭ ᠲᠠᠢ ᠭᠠᠷ ᠭᠠᠷ ᠢᠶᠠᠨ ᠬᠤᠯᠪᠣᠯᠴᠠᠨ ᠬᠠᠮᠲᠤᠷᠠᠨ ᠪᠠᠶᠢᠭᠤᠯᠬᠤ ᠠᠵᠢᠯᠯᠠᠭ᠎ᠠ ᠶᠠᠪᠤᠭᠳᠠᠭᠤᠯᠤᠨ᠂ ᠬᠤᠶᠠᠷ ᠲᠠᠯ᠎ᠠ ᠪᠠᠷ ᠢᠶᠠᠨ ᠠᠵᠢᠯ ᠤᠨ ᠲᠣᠭᠲᠠᠴᠠ ᠪᠠᠶᠢᠭᠤᠯᠬᠤ ᠪᠠᠷ ᠳᠠᠮᠵᠢᠭᠤᠯᠤᠨ᠂ ᠪᠠᠶᠢᠴᠠᠭᠠᠨ ᠰᠤᠳᠤᠯᠤᠯᠲᠠ ᠪᠣᠯᠣᠨ  ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠬᠢᠵᠦ᠂ ᠭᠦᠭᠡᠬᠤᠳᠠ ᠶᠢᠨ ᠳᠠᠭᠠᠳᠬᠠᠯ ᠤᠨ ᠮᠡᠬᠡᠯᠡᠯ ᠢ ᠡᠰᠡᠷᠭᠦᠴᠡᠬᠦ ᠠᠵᠢᠯ ᠤᠨ ᠪᠣᠳᠠᠲᠤ ᠦᠷ᠎ᠡ ᠪᠦᠳᠦᠮᠵᠢ ᠣᠯᠬᠤ ᠶᠢ ᠠᠬᠢᠭᠤᠯᠵᠤ ᠪᠤᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ