︵ᠰᠤᠷᠪᠤᠯᠵᠢᠯᠠᠭᠴᠢ ᠯᠢᠦ ᠯᠢ ᠰᠢᠶᠠ ᠶᠦᠨ ᠶᠠᠨ ᠹᠠᠩ︶ ᠣᠶᠢᠷ᠎ᠠ ᠳᠤ ᠰᠤᠷᠪᠤᠯᠵᠢᠯᠠᠭᠴᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠣᠶᠢᠯᠠᠭᠠᠭᠰᠠᠨ ᠨᠢ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ︵6 ᠳ᠋ᠤᠭᠠᠷ ᠰᠠᠷ᠎ᠠ ᠶᠢᠨ 8 ᠤ | ᠡᠳᠦᠷ ᠠᠴᠠ 10 ᠤ ᠡᠳᠦᠷ ᠪᠣᠯᠲᠠᠯ᠎ᠠ︶᠂ ᠮᠠᠨ ᠤ ᠬᠤᠲᠠ ᠵᠤᠭᠠᠴᠠᠭᠰᠠᠳ ᠢ ᠭᠥᠯᠢᠶᠡᠨ ᠠᠪᠤᠭᠰᠠᠨ ᠲᠤᠭ᠎ᠠ ᠪᠥᠬᠦ ᠣᠷᠣᠨ ᠳᠤ ᠲᠡᠷᠢᠭᠦᠨ ᠳᠤ ᠣᠷᠣᠵᠤ᠂ | ᠨᠡᠶᠢᠲᠡ 157.59 ᠲᠦᠮᠡᠨ ᠬᠥᠮᠦᠨ ᠤᠳᠠᠭ᠎ᠠ ᠬᠦᠷᠴᠦ᠂ ᠠᠳᠠᠯᠢ ᠬᠤᠭᠤᠴᠠᠭᠠᠨ ᠤ ᠬᠢ ᠠᠴᠠ 15.23% ᠨᠡᠮᠡᠭᠳᠡᠪᠡ︔ ᠤᠯᠤᠰ ᠤᠨ ᠳᠣᠲᠣᠭᠠᠳᠤ ᠶᠢᠨ | ᠵᠤᠭᠠᠴᠠᠭᠰᠠᠳ ᠤᠨ ᠶᠡᠷᠦᠩᠬᠡᠶ ᠵᠠᠷᠤᠳᠠᠯ 11.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.22% ᠨᠡᠮᠡᠭᠳᠡᠪᠡ᠃ | ᠬᠦᠬᠡᠬᠤᠳᠠ ᠶᠢᠨ ᠶᠡᠭᠡ ᠵᠤᠤ ᠪᠤᠯᠤᠨ ᠤᠷᠳᠤᠰ ᠤᠨ ᠪᠦᠷᠢᠶ᠎ᠠ ᠮᠠᠩᠬ᠎ᠠ᠂ ᠤᠯᠠᠭᠠᠨᠴᠠᠪ ᠤᠨ ᠬᠤᠩᠬᠤᠷ ᠭᠤᠤ ᠪᠤᠯᠤᠨ ᠤᠯᠠᠭᠠᠨ ᠬᠠᠳᠠ ᠭᠠᠯᠲᠤ ᠠᠭᠤᠯᠠ᠂ | ᠤᠯᠠᠭᠠᠨᠬᠠᠳᠠ ᠶᠢᠨ ᠤᠯᠠᠭᠠᠨᠪᠤᠳᠤᠩ ᠤᠨ ᠲᠠᠯ᠎ᠠ ᠨᠤᠳᠤᠭ ᠨᠢ ᠦᠪᠡᠷᠳᠡᠭᠡᠨ ᠵᠠᠰᠠᠬᠤ ᠤᠷᠤᠨ ᠤ ᠬᠠᠮᠤᠭ ᠤᠨ ᠬᠦᠭᠵᠢᠶᠠᠨ ᠲᠠᠢ ᠲᠠᠪᠤᠨ ᠦᠵᠡᠮᠵᠢ ᠶᠢᠨ ᠤᠷᠤᠨ | ᠪᠤᠯᠤᠭᠰᠠᠨ ᠪᠠᠶᠢᠨ᠎ᠠ᠃ | ᠲᠠᠯ᠎ᠠ ᠨᠤᠲᠤᠭ ᠤᠨ ᠲᠡᠮᠦᠷ ᠵᠠᠮ ᠠᠶᠠᠨᠴᠢᠳ ᠢ 45.5 ᠲᠦᠮᠡᠨ ᠬᠥᠮᠥᠨ ᠤᠳᠠᠭ᠎ᠠ ᠬᠦᠷᠭᠡᠪᠡ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠠᠶᠠᠨᠴᠢᠳ ᠢ ᠨᠡᠶᠢᠲᠡ 45.5 ᠲᠦᠮᠡᠨ ᠬᠥᠮᠦᠨ ᠤᠳᠠᠭ᠎ᠠ ᠬᠦᠷᠭᠡᠵᠦ᠂ ᠡᠳᠦᠷ ᠪᠦᠷᠢ ᠳᠤᠮᠳᠠᠴᠢ ᠪᠠᠷ 15.2 ᠲᠦᠮᠡᠨ | ᠬᠥᠮᠦᠨ ᠤᠳᠠᠭ᠎ᠠ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠪᠡ᠃ ᠠᠶᠠᠨᠴᠢᠳ ᠤᠨ ᠬᠠᠮᠤᠭ ᠤᠨ ᠥᠨᠳᠥᠷ | ᠣᠷᠭᠢᠯ ᠨᠢ 6 ᠳ᠋ᠤᠭᠠᠷ ᠰᠠᠷ᠎ᠠ ᠶᠢᠨ 8 ᠤ ᠡᠳᠦᠷ ᠭᠠᠭᠴᠠ ᠡᠳᠦᠷ ᠲᠤ 17.5 ᠲᠦᠮᠡᠨ ᠠᠶᠠᠨᠴᠢᠳ ᠢ ᠬᠦᠷᠭᠡᠪᠡ᠃ ᠠᠶᠠᠨᠴᠢᠳ ᠤᠨ ᠴᠢᠭᠯᠡᠯ ᠤᠨ ᠲᠠᠯ᠎ᠠ ᠠᠴᠠ | ᠦᠵᠡᠪᠡᠯ᠂ ᠬᠠᠷᠢᠶᠠᠨ ᠲᠤᠲᠤᠷ᠎ᠠ ᠬᠤᠲᠠ ᠶᠢᠨ ᠬᠤᠭᠤᠷᠣᠨᠳᠣᠬᠢ ᠠᠶᠠᠨᠴᠢᠳ ᠢ 33.5 ᠲᠦᠮᠡᠨ ᠬᠥᠮᠦᠨ ᠤᠳᠠᠭ᠎ᠠ ᠬᠦᠷᠭᠡᠵᠦ᠂ ᠶᠡᠷᠦᠩᠬᠡᠶ ᠬᠡᠮᠵᠢᠶᠡᠨ ᠤ73. | 6% ᠶᠢ ᠡᠵᠡᠯᠡᠵᠦ᠂ ᠣᠷᠣᠨ ᠪᠦᠰᠡ ᠠᠯᠤᠰᠯᠠᠭᠰᠠᠨ ᠬᠤᠯᠠ ᠵᠠᠮ ᠤᠨ ᠠᠶᠠᠨᠴᠢᠳ 120 ᠲᠦᠮᠡᠨ ᠬᠥᠮᠦᠨ ᠤᠳᠠᠭ᠎ᠠ ᠳᠤ ᠬᠦᠷᠴᠦ᠂ 10.2% ᠢ ᠡᠵᠡᠯᠡᠪᠡ᠃ | ᠬᠥᠬᠡᠬᠤᠲᠠ ᠶᠢᠨ ᠨᠢᠰᠭᠡᠯ ᠤᠨ ᠪᠠᠭᠤᠳᠠᠯ ᠨᠡᠢᠲᠡ 9.5 ᠲᠦᠮᠡᠨ ᠬᠥᠮᠦᠨ ᠤᠳᠠᠭ᠎ᠠ ᠶᠢᠨ ᠠᠶᠠᠨᠴᠢᠳ ᠢ ᠬᠦᠷᠭᠡᠪᠡ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠨᠢᠰᠭᠡᠯ ᠤᠨ ᠪᠠᠭᠤᠳᠠᠯ ᠠᠶᠠᠨᠴᠢᠳ ᠢ ᠨᠡᠢᠲᠡ 9.5 | ᠲᠦᠮᠡᠨ ᠬᠥᠮᠦᠨ ᠤᠳᠠᠭ᠎ᠠ ᠬᠦᠷᠭᠡᠵᠦ᠂ 902 ᠨᠢᠰᠭᠡᠯ ᠤᠳᠠᠭ᠎ᠠ ᠨᠢᠰᠴᠤ ᠪᠠᠭᠤᠨ᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ ᠨᠢ 502.2 | ᠲᠤᠨ ᠬᠦᠷᠴᠦ᠂ ᠡᠳᠦᠷ ᠪᠦᠷᠢ ᠶᠢᠨ ᠳᠤᠮᠳᠠᠴᠢ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠨᠢ 3.2 ᠲᠦᠮᠡᠨ ᠬᠥᠮᠦᠨ ᠤᠳᠠᠭ᠎ᠠ ᠳᠤ ᠬᠦᠷᠴᠦ᠂ | ᠭᠠᠭᠴᠠ ᠡᠳᠦᠷ ᠤᠨ ᠬᠠᠮᠤᠭ ᠥᠨᠳᠥᠷ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠨᠢ 3.5 ᠲᠦᠮᠡᠨ ᠬᠥᠮᠦᠨ ᠤᠳᠠᠭ᠎ᠠ ᠬᠦᠷᠪᠡ᠃ |