ᠬᠥᠬᠡᠬᠤᠲᠠ ᠠᠷᠪᠠᠨ ᠳᠣᠯᠣᠳᠤᠭᠠᠷ ᠳᠡᠯᠡᠬᠡᠢ ᠶᠢᠨ ᠳᠠᠩᠰᠠ ᠡᠪᠬᠡᠮᠡᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/13
       ︵ᠰᠤᠷᠪᠤᠯᠵᠢᠯᠠᠭᠴᠢ ᠯᠢᠦ ᠶᠠᠨ ᠰᠢᠶᠠ︶ 6 ᠳ᠋ᠤᠭᠠᠷ ᠰᠠᠷ᠎ᠠ ᠶᠢᠨ 12  ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠵᠢᠴᠢ ᠰᠢᠨ᠎ᠡ ᠬᠤᠲᠠ ᠲᠣᠭᠤᠷᠢᠭ ᠤᠨ ᠭᠤᠷᠪᠠᠨ ᠱᠠᠲᠤᠨ ᠤ ᠳᠠᠩᠰᠠ ᠡᠪᠬᠡᠮᠡᠯ ᠤᠨ ᠰᠠᠯᠠᠭ᠎ᠠ ᠮᠥᠴᠢᠷ ᠰᠢᠨ᠎ᠡ ᠬᠤᠲᠠ ᠲᠣᠭᠤᠷᠢᠭ ᠤᠨ ᠮᠠᠶᠢᠬᠠᠨ ᠪᠠᠶᠢᠰᠢᠩ ᠨᠡᠶᠢᠭᠡᠮ ᠲᠣᠭᠤᠷᠢᠭ ᠲᠤ ︽ᠤᠳᠤᠬᠢᠴᠢᠯᠠᠯᠲᠠ ᠶᠢᠨ ᠬᠦᠰᠡᠯ ᠵᠡᠭᠦᠳᠦ ᠪᠠᠨ ᠳᠡᠷᠭᠡᠯᠰᠢᠭᠦᠯᠬᠦ ᠪᠠᠷ ᠲᠡᠮᠡᠴᠡᠭᠴᠢ ᠳᠠᠩᠰᠠ ᠡᠪᠬᠡᠮᠡᠯ ᠤᠨ ᠠᠵᠢᠯᠲᠠᠨ︾ ᠭᠡᠬᠦ ᠭᠤᠣᠯ ᠰᠡᠳᠦᠪᠲᠦ ᠠᠷᠪᠠᠨ ᠳᠣᠯᠣᠳᠤᠭᠠᠷ ᠳᠡᠯᠡᠬᠡᠢ ᠶᠢᠨ ᠳᠠᠩᠰᠠ ᠡᠪᠬᠡᠮᠡᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠡᠷᠬᠢᠯᠡᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠶᠢᠨ ᠲᠠᠩᠰᠠ ᠡᠪᠬᠡᠮᠡᠯ ᠤᠨ ᠣᠷᠳᠣᠨ ᠤ ᠠᠵᠢᠯᠲᠠᠳ ᠣᠯᠠᠨ ᠲᠦᠮᠡᠨ ᠳᠤ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠬᠠᠷᠢᠭᠤᠯᠵᠤ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠲᠠᠩᠰᠠ ᠡᠪᠬᠡᠮᠡᠯ ᠢ ᠣᠶᠢᠯᠠᠭᠠᠭᠤᠯᠵᠤ᠂ ᠲᠠᠩᠰᠠ ᠡᠪᠬᠡᠮᠡᠯ ᠢ ᠠᠩᠬᠠᠷᠤᠨ᠂ ᠲᠠᠩᠰᠠ ᠡᠪᠬᠡᠮᠡᠯ ᠢ ᠬᠠᠮᠠᠭᠠᠯᠠᠵᠤ᠂ ᠣᠯᠠᠨ ᠲᠦᠮᠡᠨ ᠤ ᠲᠠᠩᠰᠠ ᠡᠪᠬᠡᠮᠡᠯ ᠤᠨ ᠤᠬᠠᠮᠰᠠᠷ ᠢ ᠴᠢᠩᠭᠠᠳᠬᠠᠪᠠ᠃ ᠠᠵᠢᠯᠲᠠᠳ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︽ᠲᠠᠩᠰᠠ ᠡᠪᠬᠡᠮᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠲᠦᠷᠢᠮ︾ ︽ᠥᠪᠥᠷ ᠮᠣᠩᠭᠤᠯ ᠤᠨ ᠲᠠᠩᠰᠠ ᠡᠪᠬᠡᠮᠡᠯ ᠤᠨ ᠣᠷᠳᠣᠨ ᠤ ᠲᠠᠩᠰᠠ ᠡᠪᠬᠡᠮᠡᠯ ᠢ ᠬᠠᠩᠭᠠᠨ ᠠᠰᠢᠭᠯᠠᠬᠤ ᠴᠤᠪᠤᠷᠠᠯ ᠵᠢᠷᠤᠭ︾ ᠵᠡᠷᠭᠡ ᠲᠠᠩᠰᠠ ᠡᠪᠬᠡᠮᠡᠯ ᠤᠨ ᠤᠬᠠᠭᠤᠯᠭ᠎ᠠ ᠶᠢᠨ ᠡᠯᠪᠡᠭ ᠪᠠᠶᠠᠯᠢᠭ ᠮᠠᠲ᠋ᠧᠷᠢᠶᠠᠯ ᠵᠢᠴᠢ ᠳᠡᠪᠢᠭᠦᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠰ ᠤᠭᠤᠲᠠ ᠵᠡᠷᠭᠡ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠬᠤᠪᠢᠶᠠᠨ ᠲᠠᠷᠬᠠᠭᠠᠵᠤ᠂ ᠲᠠᠩᠰᠠ ᠡᠪᠬᠡᠮᠡᠯ ᠤᠨ ᠠᠵᠢᠯ ᠢ ᠨᠡᠶᠢᠭᠡᠮ ᠳᠤ ᠨᠠᠩ ᠣᠶᠢᠷᠠᠲᠤᠭᠤᠯᠵᠤ᠂ ᠪᠣᠳᠠᠲᠠᠶ ᠳᠤ ᠣᠶᠢᠷᠠᠲᠤᠭᠤᠯᠵᠤ᠂ ᠠᠷᠠᠳ ᠣᠯᠠᠨ ᠪᠠ ᠲᠠᠩᠰᠠ ᠡᠪᠬᠡᠮᠡᠯ ᠤᠨ ᠵᠠᠶ ᠶᠢ ᠣᠶᠢᠷᠠᠲᠤᠭᠤᠯᠵᠠᠶ᠃      ᠣᠶᠢᠯᠠᠭᠠᠭᠰᠠᠨ ᠢᠶᠠᠷ᠂ ᠳᠡᠯᠡᠬᠡᠢ ᠶᠢᠨ ᠲᠠᠩᠰᠠ ᠡᠪᠬᠡᠮᠡᠯ ᠤᠨ ᠡᠳᠦᠷ ᠤᠨ ᠤᠬᠠᠭᠤᠯᠭ᠎ᠠ ᠶᠢᠨ ᠬᠤᠭᠤᠴᠠᠭᠠᠨ ᠳᠤ᠂ ᠮᠠᠨ ᠤ ᠬᠤᠲᠠ ᠶᠢᠨ 180 ᠭᠠᠷᠤᠶ ᠨᠢᠭᠡᠴᠢ ᠣᠯᠠᠨ ᠶᠠᠩᠵᠤ ᠶᠢᠨ ᠲᠠᠩᠰᠠ ᠡᠪᠬᠡᠮᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ 2000 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠤ᠂ ᠮᠠᠨ ᠤ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠵᠢᠴᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠲᠠᠩᠰᠠ ᠡᠪᠬᠡᠮᠡᠯ ᠤᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠩᠰᠠ ᠡᠪᠬᠡᠮᠡᠯ ᠤᠨ ᠠᠵᠢᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ