ᠬᠥᠬᠡᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠵᠡᠮᠳᠡᠭ ᠣᠶᠤᠲᠠᠳ ᠢ ᠲᠤᠰᠠᠯᠠᠬᠤ ᠠᠷᠭ᠎ᠠ | ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠲᠤᠰᠠᠯᠠᠬᠤ ᠠᠷᠭ᠎ᠠ︾ ᠭᠡᠵᠦ ᠲᠣᠪᠴᠢᠯᠠᠪᠠ︶ ᠶᠢ ᠣᠶᠢᠷ᠎ᠠ ᠳᠤ ᠳᠠᠷᠤᠮᠠᠯᠯᠠᠨ ᠲᠠᠷᠬᠠᠭᠠᠭᠠᠳ ᠬᠡᠷᠡᠭᠵᠢᠭᠦᠯᠪᠡ᠃ | ︽ᠲᠤᠰᠠᠯᠠᠬᠤ ᠠᠷᠭ᠎ᠠ︾ ᠳᠤ᠂ ᠬᠥᠬᠡᠬᠤᠲᠠ ᠶᠢᠨ ᠡᠷᠦᠬᠡ ᠠᠮᠠ ᠲᠠᠢ᠂ ᠬᠦᠴᠦᠨ ᠪᠦᠬᠦᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ | ᠬᠥᠮᠥᠨ ᠤ ᠦᠨᠡᠮᠯᠡᠯ︾ ᠲᠠᠢ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ | ᠣᠷᠣᠯᠴᠠᠭᠰᠠᠨ ᠮᠥᠷᠲᠡᠭᠡᠨ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠪᠤᠶᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠡᠳ ᠵᠢᠩᠬᠢᠨᠢ ᠪᠠᠷ ᠰᠤᠷᠤᠯᠴᠠᠵᠤ ᠪᠠᠶᠢᠭ᠎ᠠ ᠲᠤᠰᠬᠠᠢ ᠮᠡᠷᠭᠡᠵᠢᠯ ᠤᠨ ᠰᠤᠷᠤᠭᠴᠢ᠂ | ᠵᠢᠩᠬᠢᠨᠢ ᠠᠩᠭᠢ ᠶᠢᠨ ᠰᠤᠷᠤᠭᠴᠢ᠂ ᠠᠰᠫᠢᠷᠠᠨᠲ ᠪᠠ ᠳ᠋ᠣᠺᠲ᠋ᠣᠷᠠᠨᠲ ᠰᠤᠷᠭᠠᠭᠤᠯᠢ ᠳᠤ ᠣᠷᠣᠭᠰᠠᠨ ᠲᠤᠬᠠᠢ ᠶᠢᠨ ᠵᠢᠯ ᠠᠴᠠ ᠪᠠᠨ ᠡᠬᠢᠯᠡᠨ᠂ ᠰᠤᠷᠭᠠᠭᠤᠯᠢ ᠶᠢᠨ | ᠳᠦᠷᠢᠮ ᠶᠣᠰᠣᠭᠠᠷ᠂ ᠡᠷᠦᠬᠡ ᠠᠮᠠ ᠪᠠᠶᠢᠭ᠎ᠠ ᠭᠠᠵᠠᠷ ᠤᠨ ᠢᠶᠠᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠲᠤᠰᠠᠯᠠᠮᠵᠢ ᠭᠤᠶᠤᠴᠢᠯᠠᠵᠤ ᠪᠣᠯᠣᠨ᠎ᠠ᠃ | ᠠᠰᠫᠢᠷᠠᠨᠲ᠂ ᠳ᠋ᠣᠺᠲ᠋ᠣᠷᠠᠨᠲ ᠪᠦᠷᠢ ᠶᠢ ᠵᠢᠯ ᠳᠤ 1 ᠲᠦᠮᠡᠨ ᠲᠥᠭᠦᠷᠢᠭ᠂ ᠵᠢᠩᠬᠢᠨᠢ ᠠᠩᠭᠢ ᠶᠢᠨ ᠰᠣᠷᠣᠭᠴᠢ ᠪᠦᠷᠢ ᠶᠢ ᠵᠢᠯ ᠳᠤ 8000 ᠲᠥᠭᠦᠷᠢᠭ᠂ ᠲᠤᠰᠬᠠᠢ | ᠮᠡᠷᠭᠡᠵᠢᠯ ᠤᠨ ᠰᠤᠷᠤᠭᠴᠢ ᠪᠦᠷᠢ ᠶᠢ ᠵᠢᠯ ᠳᠤ 5000 ᠲᠥᠭᠦᠷᠢᠭ ᠤᠨ ᠪᠠᠷᠢᠮᠵᠢᠶ᠎ᠠ ᠪᠠᠷ ᠲᠤᠰᠠᠯᠠᠨ᠎ᠠ᠃ | ᠬᠥᠬᠡᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ︽ᠲᠤᠰᠠᠯᠠᠬᠤ ᠠᠷᠭ᠎ᠠ︾ | ᠶᠢ ᠨᠡᠶᠢᠲᠡᠯᠡᠭᠰᠡᠨ ᠠᠴᠠ ᠵᠡᠮᠳᠡᠭᠴᠦᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠬᠦ ᠶᠢ ᠬᠦᠴᠦᠲᠡᠢ ᠳᠡᠮᠵᠢᠬᠦ ᠪᠠ ᠵᠣᠷᠢᠭᠵᠢᠭᠤᠯᠤᠨ᠂ ᠣᠷᠣᠨ ᠤ | ᠲᠥᠪ ᠬᠤᠲᠠ ᠳᠠᠬᠢ ᠵᠡᠮᠳᠡᠭᠴᠦᠳ ᠤᠨ ᠰᠤᠷᠭᠠᠨ ᠬᠥᠮᠦᠵᠢᠯ ᠭᠥᠷᠳᠡᠬᠦ ᠲᠦᠪᠰᠢᠨ ᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠵᠡᠮᠳᠡᠭᠴᠦᠳ ᠤᠨ ᠨᠠᠩ ᠴᠢᠨᠠᠷ | ᠰᠠᠶᠢᠲᠠᠢ ᠠᠵᠢᠯ ᠣᠯᠬᠤ ᠶᠢ ᠠᠬᠢᠭᠤᠯᠬᠤ ᠪᠣᠯᠣᠨ᠎ᠠ ᠬᠡᠮᠡᠵᠡᠢ᠃ |